ᠮᠦᠩᠬᠦᠨ ᠬᠦᠢᠯᠭᠡᠭᠡ ᠭᠠᠶᠢᠯᠢ ᠶᠢᠨ ᠶᠠᠪᠤᠳᠠᠯ ᠤᠨ ᠬᠠᠮᠳᠤᠷᠠᠯᠴᠠᠭᠠᠨ ᠤ ᠲᠠᠪᠴᠠᠩ ᠠᠵᠤ ᠠᠬᠤᠶᠢᠯᠠᠯ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/8
  ᠪᠠᠭ᠎ᠠ ᠵᠢᠵᠢᠭ ᠠᠵᠤ ᠠᠬᠤᠶᠢᠯᠠᠯ ᠪᠣᠯ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠬᠦᠴᠦᠨ ᠪᠠᠶᠢᠵᠤ᠂ ᠠᠵᠢᠯ ᠣᠯᠭᠤᠯᠲᠠ ᠶᠢ ᠥᠷᠭᠡᠳᠬᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠤᠳᠠᠭᠠᠨ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠳᠠᠭ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ︽ᠮᠦᠩᠬᠦᠨ ᠬᠦᠢᠯᠭᠡᠭᠡ ᠭᠠᠶᠢᠯᠢ ᠶᠢᠨ ᠶᠠᠪᠤᠳᠠᠯ ᠤᠨ ᠲᠠᠯ᠎ᠠ ᠪᠠᠷ ᠬᠠᠮᠳᠤᠷᠠᠨ ᠠᠵᠢᠯᠯᠠᠬᠤ︾ ᠦᠢᠯᠡᠴᠢᠯᠡᠭᠡᠨ ᠤ ᠠᠷᠭ᠎ᠠ ᠪᠠᠷᠢᠯ ᠢ ᠡᠭᠦᠳᠦᠨ᠂  ᠮᠦᠩᠬᠦᠨ ᠬᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠭ᠎ᠠ ᠵᠢᠵᠢᠭ ᠠᠵᠤ ᠠᠬᠤᠶᠢᠯᠠᠯ ᠢ ᠬᠠᠪᠰᠤᠷᠤᠨ ᠪᠡᠯᠡ  ᠬᠤᠷᠠᠮᠳᠤᠭᠤᠯᠬᠤ ᠠᠰᠠᠭᠤᠳᠠᠯ ᠢ ᠨᠢ ᠰᠢᠢᠳᠪᠦᠷᠢᠯᠡᠨ᠂  ᠠᠵᠤ ᠠᠬᠤᠶᠢᠯᠠᠯ ᠤᠨ ᠴᠡᠴᠡᠭᠯᠡᠨ ᠬᠦᠭᠵᠢᠬᠦ ᠶᠢ ᠠᠬᠢᠭᠤᠯᠵᠤ ᠪᠠᠶᠢᠨ᠎ᠠ᠃   ᠥᠪᠥᠷ ᠮᠣᠩᠭᠤᠯ ᠤᠨ ᠳ᠋ᠠ ᠶᠠᠩ ᠪᠠᠷᠢᠯᠭ᠎ᠠ ᠶᠢᠨ ᠠᠵᠢᠯ ᠤᠨ ᠬᠢᠵᠠᠭᠠᠷᠲᠤ ᠺᠣᠮᠫᠠᠨᠢ ᠪᠤᠯ 2014 ᠣᠨ ᠳᠤ ᠪᠠᠶᠢᠭᠤᠯᠤᠭᠳᠠᠭᠰᠠᠨ ᠪᠠᠷᠢᠯᠭ᠎ᠠ ᠶᠢᠨ ᠠᠵᠢᠯ ᠤᠨ ᠵᠢᠵᠢᠭ ᠠᠵᠤ ᠠᠬᠤᠶᠢᠯᠠᠯ ᠪᠤᠯᠤᠨ᠎ᠠ᠃ ᠠᠵᠤ ᠠᠬᠤᠶᠢᠯᠠᠯ ᠤᠨ ᠬᠥᠭᠵᠢᠯᠲᠡ ᠳᠤ ᠪᠡᠯᠡ ᠮᠥᠩᠭᠦ ᠶᠢᠨ ᠠᠰᠠᠭᠤᠳᠠᠯ ᠲᠤᠯᠭᠠᠷᠠᠬᠤ ᠦᠶ᠎ᠡ ᠳᠤ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠬᠢᠨ ᠢᠳᠡᠪᠬᠢᠲᠡᠢ ᠵᠤᠯᠭᠠᠭᠤᠯᠵᠤ᠂  ᠮᠦᠩᠬᠦᠨ ᠬᠦᠢᠯᠭᠡᠭᠡ ᠭᠠᠶᠢᠯᠢ ᠶᠢᠨ ᠶᠠᠪᠤᠳᠠᠯ ᠤᠨ ᠬᠠᠮᠳᠤᠷᠠᠯᠴᠠᠭᠠᠨ ᠤ ᠲᠠᠪᠴᠠᠩ ᠢᠶᠠᠷ ᠲᠠᠮᠵᠢᠨ ᠠᠵᠤ ᠠᠬᠤᠶᠢᠯᠠᠯ ᠳᠤ ᠪᠡᠯᠡ ᠮᠥᠩᠭᠦ ᠶᠢᠨ ᠠᠰᠠᠭᠤᠳᠠᠯ ᠢ ᠰᠢᠢᠳᠪᠦᠷᠢᠯᠡᠵᠦ ᠥᠭᠴᠡᠢ᠃   ᠳ᠋ᠠ ᠶᠠᠩ ᠺᠣᠮᠫᠠᠨᠢ ᠶᠢᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠰᠦᠨ ᠵᠢᠢ ᠬᠤᠸᠠ᠄  ︽ᠮᠦᠩᠬᠦᠨ ᠬᠦᠢᠯᠭᠡᠭᠡ ᠭᠠᠶᠢᠯᠢ ᠶᠢᠨ ᠶᠠᠪᠤᠳᠠᠯ ᠤᠨ ᠬᠠᠮᠳᠤᠷᠠᠯᠴᠠᠭᠠᠨ ᠤ ᠲᠠᠪᠴᠠᠩ ᠨᠢ ᠪᠢᠳᠡᠨ ᠳᠤ ᠲᠤᠮᠤ ᠠᠰᠠᠭᠤᠳᠠᠯ ᠢ ᠰᠢᠢᠳᠪᠦᠷᠢᠯᠡᠵᠦ  ᠦᠭᠬᠦᠭᠰᠡᠨ᠂  ᠲᠤᠬᠠᠢ ᠶᠢᠨ ᠦᠶᠡᠰ ᠪᠢᠳᠡ ᠨᠡᠯᠢᠶᠡᠳ ᠶᠡᠭᠡ ᠪᠡᠯᠡ ᠮᠥᠩᠭᠦ ᠶᠢᠨ ᠳᠠᠷᠤᠯᠲᠠ ᠳᠤ ᠲᠤᠯᠭᠠᠷᠠᠵᠠᠤ ᠪᠠᠶᠢᠯ᠎ᠠ᠂ ᠭᠠᠶᠢᠯᠢ ᠶᠢᠨ ᠶᠠᠪᠤᠳᠠᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠲᠠᠪᠴᠠᠩ ᠢᠶᠠᠷ ᠲᠠᠮᠵᠢᠭᠠᠳ ᠪᠢᠳᠡ ᠲᠠᠶᠢᠹᠤᠰᠧ ᠬᠤᠰᠢᠭᠤᠨ ᠤ ᠲᠠᠷᠢᠶᠠᠯᠠᠩ ᠤᠨ ᠪᠠᠩᠬᠢ ᠠᠴᠠ 300 ᠲᠦᠮᠡᠨ ᠲᠥᠭᠦᠷᠢᠭ ᠤᠨ ᠵᠢᠭᠡᠯᠡᠯᠭᠡ ᠶᠢ ᠴᠠᠭ ᠲᠤᠬᠠᠢ ᠳᠤᠨᠢ ᠤᠯᠵᠤ᠂ ᠪᠡᠯᠡ ᠮᠥᠩᠭᠦ ᠶᠢᠨ ᠠᠰᠠᠭᠤᠳᠠᠯ ᠢᠶᠠᠨ ᠰᠢᠢᠳᠪᠦᠷᠢᠯᠡᠭᠰᠡᠨ ᠪᠠᠶᠢᠨ᠎ᠠ︾᠃    ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠬᠠᠨ ᠯᠧᠢ᠄ ︽ ᠪᠢᠳᠡ ᠭᠠᠶᠢᠯᠢ ᠶᠢᠨ ᠶᠠᠪᠤᠳᠠᠯ ᠤᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠪᠠᠷ ᠲᠠᠮᠵᠢᠭᠠᠳ᠂  ᠮᠦᠩᠬᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ ᠪᠠᠢᠭᠤᠯᠤᠮᠵᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ  ᠭᠠᠶᠢᠯᠢ ᠲᠤᠰᠢᠶᠠᠬᠤ ᠢᠲᠡᠭᠡᠮᠵᠢ ᠶᠢ ᠪᠡᠯᠡ ᠲᠣᠬᠢᠷᠠᠭᠤᠯᠭ᠎ᠠ ᠶᠢᠨ ᠢᠲᠡᠭᠡᠮᠵᠢ  ᠪᠤᠯᠭᠠᠵᠤ ᠬᠤᠪᠢᠷᠠᠭᠤᠯᠤᠨ᠂ ᠪᠠᠩᠬᠢ ᠪᠠ ᠠᠵᠤ ᠠᠬᠤᠶᠢᠯᠠᠯ ᠤᠨ ᠬᠤᠭᠤᠷᠣᠨᠳᠣᠬᠢ ᠮᠡᠳᠡᠭᠡ ᠵᠠᠩᠭᠢ ᠨᠡᠪᠳᠡᠷᠡᠯᠴᠡᠬᠦ ᠦᠬᠡᠢ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠢᠲᠡᠭᠡᠮᠵᠢᠲᠦ ᠵᠢᠭᠡᠯᠡᠯᠭᠡ ᠤᠯᠭᠤᠵᠤ᠂ ᠠᠵᠤ  ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠤᠭᠤᠯᠵᠤ ᠪᠤᠢ᠃ ᠣᠲᠣ ᠪᠣᠯᠲᠠᠯ᠎ᠠ ᠨᠢᠭᠡᠨᠲᠡ 27 ᠡᠷᠦᠬᠡ ᠠᠵᠤ ᠠᠬᠤᠶᠢᠯᠠᠯ  ᠬᠠᠮᠳᠤᠷᠠᠯᠴᠠᠭᠠᠨ ᠤ ᠲᠠᠪᠴᠠᠩ ᠢᠶᠠᠷ ᠲᠠᠮᠵᠢᠨ ᠵᠢᠭᠡᠯᠡᠯᠭᠡ ᠤᠯᠵᠤ᠂  ᠵᠢᠭᠡᠯᠡᠯᠭᠡ ᠶᠢᠨ ᠲᠤᠭ᠎ᠠ ᠨᠡᠶᠢᠲᠡ 501.76 ᠲᠦᠮᠡᠨ ᠲᠥᠭᠦᠷᠢᠭ ᠲᠤ ᠬᠦᠷᠴᠡᠢ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号