ᠬᠠᠤᠯᠢᠴᠢ ᠶᠢᠨ ᠡᠩᠨᠡᠭᠡᠨ ᠤ ᠦᠢᠯᠡᠳᠦᠯ ᠴᠢᠳᠠᠮᠵᠢ ᠪᠠ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠰᠠᠶᠢᠳᠤᠷ ᠬᠠᠩᠭᠠᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 7 ᠤ | ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ︽ᠲᠦᠮᠡᠨ ᠬᠠᠤᠯᠢᠴᠢ ᠬᠥᠳᠡᠭᠡ | ᠲᠣᠰᠬᠤᠨ ᠳᠤ ᠬᠦᠨᠵᠡᠬᠡᠶᠢᠷᠡᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭᠠᠨ ᠤ ᠠᠬᠤᠢ | ᠲᠠᠯᠠᠪᠠᠶ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠬᠦᠬᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾᠂ ᠲᠠᠷᠢᠶᠠᠯᠠᠩ ᠳᠤ ᠬᠤᠯᠪᠣᠭᠳᠠᠬᠤ ᠬᠠᠤᠯᠢ ᠲᠦᠷᠢᠮ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ | ᠲᠠᠷᠬᠠᠭᠠᠭᠰᠠᠨ ᠤ ᠬᠠᠮᠳᠤ᠂ ᠭᠠᠵᠠᠷ ᠰᠢᠷᠣᠶ ᠶᠢᠨ ᠵᠢᠭᠤᠷᠠᠯᠳᠤᠭᠠᠨ ᠪᠠ ᠭᠠᠵᠠᠷ ᠰᠢᠷᠣᠶ ᠶᠢᠨ ᠡᠷᠬᠡ ᠶᠢᠨ ᠲᠤᠬᠠᠶᠢᠳᠠᠢ | ᠬᠡᠷᠡᠭ ᠤᠨ ᠵᠢᠱᠢᠶ᠎ᠡ ᠶᠢ ᠶᠠᠷᠢᠵᠤ᠂ ᠠᠷᠠᠳ ᠣᠯᠠᠨ ᠤ ᠳᠤᠷᠠᠳᠤᠭᠰᠠᠨ ᠬᠠᠤᠯᠢ ᠲᠦᠷᠢᠮ ᠤᠨ ᠬᠠᠮᠢᠶᠠᠳᠠᠢ | ᠠᠰᠠᠭᠤᠳᠠᠯ ᠳᠤ ᠨᠠᠷᠢᠨ ᠲᠣᠳᠣᠷᠬᠠᠶ ᠲᠠᠶᠢᠯᠤᠮᠵᠢ ᠬᠢᠭᠡᠳ ᠲᠤᠩ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠳᠤ | ᠬᠦᠷᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠨᠢ ︽ᠲᠦᠮᠡᠨ ᠬᠠᠤᠯᠢᠴᠢ ᠬᠥᠳᠡᠭᠡ ᠲᠣᠰᠬᠤᠨ ᠳᠤ ᠬᠦᠨᠵᠡᠬᠡᠶᠢᠷᠡᠬᠦ︾ ᠠᠵᠢᠯᠯᠠᠭ᠎ᠠ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠥᠷᠭᠡᠨ ᠣᠯᠠᠨ ᠬᠠᠤᠯᠢᠴᠢ ᠶᠢ ᠵᠢᠯᠤᠭᠤᠳᠤᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ | ᠬᠠᠤᠯᠢ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠥᠨᠳᠥᠷ ᠪᠦᠲᠦᠮᠵᠢᠲᠡᠶ ᠪᠠᠷ ᠣᠯᠠᠨ | ᠲᠦᠮᠡᠨ ᠢ ᠬᠠᠪᠰᠤᠷᠤᠨ ᠭᠠᠵᠠᠷ ᠰᠢᠷᠣᠶ᠂ ᠬᠡᠷ ᠪᠦᠯᠢ᠂ ᠨᠡᠶᠢᠭᠡᠮ ᠤᠨ ᠪᠠᠲᠤᠯᠠᠭ᠎ᠠ ᠵᠡᠷᠭᠡ ᠦᠨᠳᠦᠰᠦᠨ ᠱᠠᠲᠤᠨ ᠤ | ᠨᠡᠯᠢᠶᠡᠳ ᠲᠣᠪᠤᠶᠢᠮ᠎ᠠ ᠬᠠᠤᠯᠢ ᠴᠠᠭᠠᠵᠠ ᠶᠢᠨ ᠪᠡᠷᠬᠡ ᠠᠰᠠᠭᠤᠳᠠᠯ ᠢ ᠰᠢᠢᠳᠪᠦᠷᠢᠯᠡᠵᠦ᠂ ᠠᠷᠠᠳ ᠣᠯᠠᠨ ᠳᠤ ᠴᠢᠨᠠᠷ | ᠰᠠᠶᠢᠲᠠᠶ ᠬᠠᠤᠯᠢ ᠶᠢᠨ ᠦᠢᠯᠡᠴᠢᠯᠡᠭᠡ ᠶᠢ ᠬᠦᠷᠳᠡᠭᠡᠨ᠂ ᠬᠠᠤᠯᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ | ᠦᠨᠳᠦᠰᠦᠨ ᠱᠠᠲᠤ ᠳᠠᠰᠢ ᠰᠤᠨᠤᠭᠠᠬᠤ ᠪᠠᠷ ᠪᠠᠶᠢᠨ᠎ᠠ᠃ |