︽ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠭᠰᠡᠨ ᠴᠣᠩᠬᠤᠪᠴᠢ︾ ᠣᠯᠠᠨ ᠲᠦᠮᠡᠨ ᠳᠤ ᠦᠢᠯᠡᠴᠢᠯᠡᠬᠦ ︽ᠰᠢᠨ᠎ᠡ ᠬᠠᠭᠤᠳᠠᠰᠤ︾᠎ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/5/9
  ᠲᠠᠶᠢᠹᠤᠰᠧ ᠬᠤᠰᠢᠭᠤᠨ ᠤ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠨᠡᠪᠳᠡᠷᠡᠬᠦᠯᠬᠦ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠴᠤᠩᠬᠤᠪᠴᠢ ᠶᠢ ᠪᠠᠶᠢᠭᠤᠯᠬᠤ ᠠᠷᠭ᠎ᠠ ᠵᠠᠮ ᠢ ᠰᠦᠪᠡᠭᠴᠢᠯᠡᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠠᠷᠭ᠎ᠠ ᠪᠠᠷᠢᠯ ᠢᠶᠠᠨ  ᠰᠢᠯᠢᠳᠡᠭᠵᠢᠬᠦᠯᠦᠨ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠳᠦᠮᠵᠢ ᠶᠢ ᠲᠡᠭᠡᠭᠰᠢᠯᠡᠬᠦᠯᠦᠭᠡᠳ᠂ ᠣᠯᠠᠨ ᠲᠦᠮᠡᠨ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠣᠷᠴᠢᠨ ᠲᠣᠭᠤᠷᠢᠨ ᠢ  ᠪᠠᠶᠢᠭᠤᠯᠵᠤ ᠪᠠᠶᠢᠨ᠎ᠠ᠃ ᠭᠤᠣᠯ ᠤᠳᠤᠷᠢᠳᠤᠯᠭ᠎ᠠ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠣᠬᠢᠶᠠᠨ ᠪᠠᠶᠢᠭᠤᠯᠵᠤ ᠠᠬᠢᠭᠤᠯᠬᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠬᠤ᠂ ᠴᠤᠩᠬᠤᠪᠴᠢ  ᠎ ᠶᠢᠨ ᠴᠠᠭᠳᠠᠭ᠎ᠠ ᠠᠵᠢᠯᠳᠠᠨ ᠪᠣᠳᠠᠲᠠᠢ ᠬᠠᠷᠢᠭᠤᠴᠠᠬᠤ ᠲᠤᠬᠠᠶᠢᠯᠠᠭᠰᠠᠨ ᠠᠵᠢᠯ ᠤᠨ ᠵᠠᠭᠪᠤᠷ ᠢ ᠪᠦᠷᠢᠯᠳᠦᠬᠦᠯᠦᠨ᠂ ᠲᠤᠰᠬᠠᠢ ᠰᠡᠳᠦᠪᠲᠦ ᠰᠤᠳᠤᠯᠭᠠᠨ ᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠳᠡᠭᠡᠳᠦ ᠱᠠᠲᠤᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠬᠦᠨᠵᠡᠬᠡᠶᠢᠷᠡᠬᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠪᠡ᠃  ᠤᠳᠤᠬᠠᠨ ᠪᠥᠬᠦ ᠬᠤᠰᠢᠭᠤᠨ ᠤ 3 ᠲᠣᠮᠢᠯᠠᠭᠰᠠᠨ ᠰᠠᠯᠪᠤᠷᠢ ᠳᠤ ᠶᠡᠷᠦᠩᠬᠡᠶᠢᠯᠡᠭᠰᠡᠨ ᠴᠣᠩᠬᠤᠪᠴᠢ ᠲᠤᠬᠢᠷᠠᠭᠤᠯᠵᠤ᠂ 158 ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠨ᠎ᠠ᠃ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠭᠰᠡᠨ ᠴᠣᠩᠬᠤᠪᠴᠢ ᠳᠠᠭᠠᠨ ︽ᠨᠢᠭᠡ ᠴᠣᠩᠬᠤᠪᠴᠢ ᠪᠠᠷ ᠪᠦᠬᠦᠨ ᠢ ᠬᠦᠢᠴᠡᠳᠭᠡᠬᠦ︾ ᠫᠠᠶᠢᠰᠠ ᠢᠯᠡᠷᠬᠡᠶᠢᠯᠡᠯ ᠡᠯᠬᠦᠵᠦ᠂ ᠲᠣᠮᠢᠯᠠᠭᠰᠠᠨ ᠰᠠᠯᠪᠤᠷᠢ ᠳᠤ ︽ᠨᠢᠭᠡ ᠦᠷᠳᠡᠭᠡᠨ ᠤ ᠬᠡᠯᠪᠡᠷᠢᠳᠦ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠮᠢᠯᠠᠭᠰᠠᠨ ᠰᠠᠯᠪᠤᠷᠢ︾᠎ ᠶᠢᠨ ᠫᠠᠶᠢᠰᠠ ᠢᠯᠡᠷᠬᠡᠶᠢᠯᠡᠯ ᠡᠯᠬᠦᠭᠡᠳ᠂ ᠡᠷᠦᠬᠡ ᠠᠮᠠ᠂ ᠵᠠᠮ ᠬᠠᠷᠢᠯᠴᠠᠭ᠎ᠠ᠂ ᠬᠢᠯᠢ ᠪᠠᠷ ᠣᠷᠣᠵᠤ ᠭᠠᠷᠬᠤ ᠬᠠᠮᠢᠶᠠᠷᠤᠯᠳᠠ ᠵᠡᠷᠭᠡ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ︽ᠬᠠᠮ ᠮᠠᠰᠢᠨ︾᠎ ᠤ ᠦᠢᠯᠡᠳᠦᠯ ᠢ ᠪᠠᠳᠠᠷᠠᠭᠤᠯᠵᠤ᠂ ᠨᠢᠭᠡ ᠢᠵᠢ ᠲᠥᠬᠦᠭᠡᠷᠦᠮᠵᠢ ᠪᠠᠷ ᠪᠣᠶ ᠪᠥᠬᠦᠶ ᠲᠤᠬᠠᠶᠢᠯᠠᠭᠰᠠᠨ ᠠᠵᠢᠯ ᠢ ᠬᠦᠢᠴᠡᠳᠭᠡᠬᠦ ᠴᠢᠳᠠᠮᠵᠢ ᠲᠠᠢ ᠪᠤᠯᠵᠠᠢ᠃ ᠣᠯᠠᠨ ᠲᠦᠮᠡᠨ ᠳᠤ ᠨᠡᠩ ᠲᠦᠬᠦᠮ ᠲᠦᠳᠡ ᠨᠡᠩ ᠴᠢᠨᠠᠷ ᠰᠠᠶᠢᠳᠠᠢ ᠦᠢᠯᠡᠴᠢᠯᠡᠭᠡ ᠬᠠᠩᠭᠠᠬᠤ ᠶᠢᠨ ᠲᠥᠯᠥᠭᠡ ︽AB ᠠᠵᠢᠯ ᠤᠨ ᠪᠠᠶᠢᠷᠢ︾᠎ ᠶᠢᠨ ᠲᠦᠷᠢᠮ ᠢ ᠬᠡᠷᠡᠭᠵᠢᠭᠦᠯᠵᠦ᠂ ᠴᠣᠩᠬᠤᠪᠴᠢ ᠶᠢᠨ ᠴᠠᠭᠳᠠᠭ᠎ᠠ ᠠᠵᠢᠯᠳᠠᠳ ᠢᠳᠡᠪᠬᠢᠲᠡᠶ ᠪᠠᠷ ᠪᠡᠶ᠎ᠡ ᠶᠢᠨ ᠭᠠᠷᠤᠯ ᠢᠶᠠᠨ ᠰᠣᠯᠢᠵᠤ᠂ ᠬᠠᠷᠢᠯᠴᠠᠨ ᠰᠤᠷᠤᠯᠴᠠᠵᠤ ᠬᠠᠷᠢᠯᠴᠠᠨ ᠨᠥᠬᠦᠪᠥᠷᠢᠯᠡᠬᠦ ᠶᠢᠨ ᠬᠠᠮᠳᠤ᠂  ᠵᠠᠮᠴᠢᠯᠠᠨ ᠵᠢᠯᠣᠭᠤᠳᠬᠤ᠂ ᠬᠠᠷᠢᠭᠤᠯᠲᠠ ᠥᠭᠬᠦ᠂  ᠲᠡᠮᠳᠡᠭᠯᠡᠨ ᠲᠠᠩᠰᠠᠯᠠᠬᠤ᠂  ᠬᠦᠢᠴᠡᠳᠭᠡᠵᠦ ᠰᠢᠢᠳᠪᠦᠷᠢᠯᠡᠬᠦ ᠵᠡᠷᠭᠡ ᠠᠵᠢᠯ ᠢ ᠬᠢᠨᠠᠮᠠᠭᠠᠶ ᠰᠠᠶᠢᠨ ᠬᠢᠵᠦ᠂  ᠨᠢᠬᠡᠨ ᠢᠵᠢ ᠪᠦᠷᠢᠨ ᠪᠦᠲᠦᠨ ᠲᠤᠬᠠᠶᠢᠯᠠᠭᠰᠠᠨ ᠠᠵᠢᠯ ᠤᠨ ᠴᠤᠩᠬᠤᠪᠴᠢ ᠶᠢ ᠪᠠᠶᠢᠭᠤᠯᠤᠭᠠᠳ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ ᠪᠠ ᠬᠦᠴᠦᠨ ᠢ ᠠᠷᠪᠢᠯᠠᠭᠰᠠᠨ ᠪᠠᠶᠢᠨ᠎ᠠ᠃ ᠴᠣᠩᠬᠤᠪᠴᠢ ᠪᠠᠷ ᠭᠦᠢᠴᠡᠳᠭᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠳ ᠲᠤ ᠳᠥᠭᠦᠮ ᠦᠵᠡᠭᠦᠯᠬᠦ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠤᠰᠬᠠᠶ ᠪᠤᠯᠤᠩ ᠭᠠᠷᠭᠠᠵᠤ᠂  ᠬᠠᠮᠢᠶ᠎ᠠ ᠪᠦᠬᠦᠢ ᠴᠠᠭᠳᠠᠭ᠎ᠠ ᠠᠵᠢᠯᠳᠠᠨ ᠤ  ᠵᠢᠷᠤᠭ ᠰᠡᠬᠦᠳᠡᠷ᠂ ᠣᠪᠣᠭ ᠨᠡᠷ᠎ᠡ᠂ ᠭᠠᠷ ᠤᠲᠠᠰᠤᠨ ᠤ ᠨᠣᠮᠧᠷ ᠵᠢᠴᠢ  ᠠᠵᠢᠯ ᠭᠦᠢᠴᠡᠳᠭᠡᠬᠦ ᠠᠯᠬᠤᠮ ᠶᠠᠪᠤᠴᠠ᠂ ᠨᠥᠬᠦᠴᠡᠯ ᠱᠠᠭᠠᠷᠳᠠᠯᠭ᠎ᠠ᠂ ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠢᠨᠠᠯᠲᠠ ᠲᠠᠯᠪᠢᠬᠤ ᠤᠲᠠᠰᠤ  ᠵᠡᠷᠭᠡ ᠶᠢ ᠢᠯᠡ ᠨᠡᠶᠢᠳᠡᠯᠡᠭᠰᠡᠨ ᠪᠦᠭᠡᠳ ᠴᠣᠩᠬᠤᠪᠴᠢ ᠪᠠᠷ ᠭᠦᠢᠴᠡᠳᠭᠡᠭ᠊ ᠠᠯᠬᠤᠮ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ︽ᠪᠥᠬᠦ ᠤᠯᠤᠰ ᠲᠤ ᠨᠡᠶᠢᠳᠡᠮ ᠭᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ ︽ᠳᠤᠲᠠᠭᠤ ᠵᠦᠢᠯ ᠢ ᠨᠦᠬᠦᠪᠦᠷᠢᠯᠡᠵᠦ ᠭᠥᠯᠢᠶᠡᠨ ᠠᠪᠴᠤ ᠰᠢᠢᠳᠪᠦᠷᠢᠯᠡᠬᠦ︾ ᠵᠡᠷᠭᠡ ᠦᠢᠯᠡᠴᠢᠯᠡᠭᠡᠨ ᠤ ᠠᠷᠭ᠎ᠠ ᠪᠠᠷᠢᠯ ᠤᠨ ᠥᠭᠡᠷᠡᠴᠢᠯᠡᠯᠲᠡ ᠶᠢ ᠠᠬᠢᠭᠤᠯᠤᠨ᠂ ︽ᠲᠤᠭ᠎ᠠ ᠪᠠᠷᠢᠮᠲᠠ ᠶᠢ ᠢᠯᠡᠭᠦᠦ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾᠎ ᠶᠢ ᠦᠨᠡᠨᠬᠦ ᠪᠡᠶᠡᠯᠡᠬᠦᠯᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号