ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠠᠵᠢᠯ ᠢ ᠠᠬᠢᠭᠤᠯᠵᠤ᠂ | ᠦᠨᠳᠦᠰᠦᠨ ᠱᠠᠲᠤᠨ ᠤ ᠡᠮᠨᠡᠯᠭᠡ ᠶᠢᠨ ᠪᠠᠳᠤᠯᠠᠭᠠᠨ ᠤ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠤᠭᠤᠷᠢᠭ︾ ᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠳᠤ ᠴᠢᠨᠠᠷ ᠰᠠᠶᠢᠲᠠᠶ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠶᠢ ᠬᠦᠷᠭᠡᠬᠦ ᠶᠢᠨ ᠲᠥᠯᠥᠭᠡ᠂ | ᠲᠠᠶᠢᠹᠤᠰᠧ ᠬᠤᠰᠢᠭᠤ ᠨᠢ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ | ︵ᠴᠡᠭ︶ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ᠃ | ᠬᠤᠩ ᠴᠢ ᠪᠠᠯᠭᠠᠰᠤᠨ ᠤ ᠰᠢᠨ ᠾᠧ ᠲᠣᠰᠬᠤᠨ ᠤ ᠲᠠᠷᠢᠶᠠᠴᠢᠨ ᠬᠠᠨ ᠱᠤ᠋ ᠬᠤᠸᠠ ᠡᠨᠡ ᠬᠡᠳᠦᠨ ᠡᠳᠦᠷ | ᠬᠤᠭᠤᠯᠠᠢ ᠨᠢ ᠵᠢᠭᠠᠬᠠᠨ ᠡᠪ ᠦᠭᠡᠢ ᠪᠠᠶᠢᠬᠤᠯᠠᠷ ᠲᠤᠰᠬᠤᠨ ᠤ ᠪᠠᠨ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ | ᠦᠵᠡᠬᠦᠯᠵᠡᠢ᠂ ᠡᠮ ᠡᠮᠨᠡᠯᠭᠡ ᠶᠢᠨ ᠳᠠᠭᠠᠳᠬᠠᠯ ᠢᠶᠠᠷ ᠳ᠋ᠦᠩᠨᠡᠨ ᠪᠤᠳᠤᠭᠰᠠᠨ ᠤ ᠳᠠᠷᠠᠭ᠎ᠠ ᠬᠠᠨ ᠱᠤ᠋ ᠬᠤᠸᠠ ᠵᠥᠪᠬᠡᠨ | ᠬᠤᠪᠢ ᠬᠥᠮᠦᠨ ᠤ ᠵᠠᠷᠤᠳᠠᠯ ᠤᠨ ᠬᠡᠰᠡᠭ ᠢᠶᠠᠨ ᠭᠠᠷᠭᠠᠵᠤ ᠡᠮ ᠬᠤᠳᠠᠯᠳᠤᠨ ᠠᠪᠤᠭᠰᠠᠨ ᠪᠠᠶᠢᠯ᠎ᠠ᠃ | ᠲᠠᠷᠢᠶᠠᠴᠢᠨ ᠬᠠᠨ ᠱᠤ᠋ ᠬᠤᠸᠠ᠄ ︽ᠮᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠮᠠᠰᠢ ᠰᠠᠶᠢᠨ᠂ | ᠣᠯᠠᠨ ᠲᠦᠮᠡᠨ ᠳᠤ ᠶᠡᠭᠡᠭᠡᠨ ᠳᠥᠭᠦᠮ ᠦᠵᠡᠬᠦᠯᠵᠦ ᠪᠠᠶᠢᠨ᠎ᠠ ᠂ ᠢᠯᠠᠩᠭᠤᠶ᠎ᠠ ᠬᠦᠳᠡᠭᠡ ᠲᠣᠰᠬᠤᠨ ᠤ | ᠨᠠᠰᠤᠳᠠᠶᠢᠴᠤᠳ ᠣᠯᠠᠨ᠂ ᠦᠷ᠎ᠡ ᠬᠡᠦᠬᠡᠳ ᠨᠢ ᠬᠠᠵᠠᠭᠤ ᠳᠤᠨᠢ ᠪᠠᠶᠢᠬᠤ ᠦᠭᠡᠶ ᠂ ᠥᠩᠭᠡᠷᠡᠭᠰᠡᠨ ᠳᠤ | ᠨᠠᠰᠤᠳᠠᠶᠢᠴᠤᠳ ᠡᠪᠡᠳᠴᠢᠯᠡᠪᠡᠯ ᠶᠡᠭᠡ ᠡᠮᠨᠡᠯᠭᠡ ᠳᠤ ᠤᠴᠢᠨ᠎ᠠ᠂ ᠪᠠᠰᠠ ᠨᠢᠬᠡ ᠬᠦᠮᠦᠨ ᠬᠠᠨᠢ ᠪᠣᠯᠬᠤ ᠴᠢᠬᠤᠯᠠ ᠲᠠᠢ | ᠪᠠᠶᠢᠳᠠᠭ᠂ ᠣᠳᠣ ᠡᠷᠡᠭᠦᠯ ᠬᠠᠮᠠᠭᠠᠯᠠᠯ ᠤᠨ ᠲᠠᠰᠤᠭ ᠲᠠᠭᠠᠨ ᠡᠪᠡᠳᠴᠢᠨ ᠦᠵᠡᠭᠦᠯᠵᠦ ᠳᠠᠩᠰᠠ ᠴᠠᠶᠢᠷᠠᠭᠤᠯᠵᠤ | ᠲᠡᠶᠢᠯᠬᠦ ᠪᠤᠯᠤᠭᠰᠠᠨ᠂ ᠬᠤᠯᠠ ᠬᠦᠶᠦᠵᠦ ᠬᠤᠳᠠ ᠤᠷᠤᠬᠤ ᠬᠡᠷᠡᠭ ᠦᠭᠡᠶ᠂ ᠪᠠᠭ᠎ᠠ ᠪᠤᠰᠤ ᠵᠠᠷᠤᠳᠠᠯ ᠰᠦᠢᠳᠬᠡᠯ ᠢ | ᠠᠷᠪᠢᠯᠠᠵᠤ ᠪᠠᠶᠢᠨ᠎ᠠ ᠰᠢᠦ︾᠃ | ᠰᠢᠨ ᠾᠧ ᠲᠣᠰᠬᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ | ᠨᠢ ᠪᠦᠬᠦ ᠵᠢᠯ ᠳᠤ ᠲᠣᠰ ᠲᠣᠰᠬᠤᠨ ᠬᠢᠭᠡᠳ ᠤᠶᠢᠷ᠎ᠠ ᠬᠠᠪᠢ ᠶᠢᠨ ᠠᠶᠢᠯ ᠲᠣᠰᠬᠤᠨ ᠤ 2000 ᠭᠠᠷᠤᠢ | ᠡᠪᠡᠳᠴᠢᠲᠡᠨ ︵ᠤᠳᠠᠭ᠎ᠠ︶ ᠢ ᠤᠨᠤᠰᠢᠯᠠᠨ ᠡᠮᠨᠡᠳᠡᠭ ᠶᠤᠮ ᠪᠠᠶᠢᠨ᠎ᠠ᠃ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ ᠶᠢ ᠦᠨᠳᠦᠰᠦᠨ ᠱᠠᠲᠤ ᠳᠠᠰᠢ ᠦᠷᠭᠡᠳᠭᠡᠬᠦ ᠪᠠᠷ ᠲᠠᠮᠵᠢᠭᠠᠳ᠂ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ ᠨᠢ ᠣᠯᠠᠨ ᠲᠦᠮᠡᠨ ᠤ ᠡᠭᠦᠳᠡᠨ ᠳᠤ ᠬᠦᠷᠴᠦ᠂ ᠣᠯᠠᠨ ᠲᠦᠮᠡᠨ ᠤ ᠠᠵᠢᠯ ᠶᠠᠪᠤᠳᠠᠯ | ᠬᠦᠢᠴᠡᠳᠭᠡᠬᠦ ᠳᠤ ᠶᠡᠭᠡᠭᠡᠨ ᠲᠥᠬᠦᠮ ᠦᠵᠡᠬᠦᠯᠦᠭᠰᠡᠨ ᠪᠠᠶᠢᠪᠠ᠃ | ᠰᠢᠨ ᠾᠧ ᠲᠣᠰᠬᠤᠨ ᠤ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢᠨ ᠬᠠᠷᠢᠭᠤᠴᠠᠯᠭᠠᠲᠠᠨ | ᠶᠠᠨ ᠰᠢᠤᠢ ᠭᠤᠸᠠᠩ᠄ ︽ᠣᠲᠣ ᠮᠠᠨ ᠤ ᠥᠷᠲᠡᠭᠡ ᠨᠢ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠶᠢ | ᠳᠠᠩᠰᠠᠯᠠᠬᠤ᠂ ᠡᠭᠦᠳᠡᠨ ᠡᠮᠨᠡᠯᠭᠡ ᠶᠢᠨ ᠲᠠᠩᠰᠠ ᠶᠢ ᠴᠠᠶᠢᠷᠠᠭᠤᠯᠬᠤ᠂ ᠡᠮᠨᠡᠯᠭᠡ ᠶᠢᠨ ᠳᠠᠭᠠᠳᠬᠠᠯ ᠤᠨ ᠲᠠᠩᠰᠠ | ᠪᠡᠯᠡᠳᠬᠡᠬᠦ ᠵᠡᠷᠭᠡ 18 ᠵᠦᠢᠯ ᠤᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠵᠦᠢᠯᠡᠰ ᠢ ᠰᠢᠭᠤᠳ ᠭᠦᠢᠴᠡᠳᠭᠡᠵᠦ ᠪᠠᠶᠢᠨ᠎ᠠ᠂ ᠲᠣᠰᠬᠤᠨ ᠤ ᠠᠷᠠᠳ ᠭᠡᠷ ᠠᠴᠠ ᠪᠠᠨ ᠭᠠᠷᠬᠤ ᠦᠭᠡᠢ ᠪᠠᠷ ᠡᠮ | ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠲᠡᠶᠢᠯᠦᠨ᠎ᠡ︾᠃ | ᠣᠲᠣ ᠪᠣᠯᠲᠠᠯ᠎ᠠ᠂ ᠲᠠᠶᠢᠹᠤᠰᠧ ᠬᠤᠰᠢᠭᠤ ᠨᠢ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ | ᠦᠢᠯᠡᠴᠢᠯᠡᠭᠡᠨ ᠤ ᠥᠷᠲᠡᠭᠡ 151 ᠶᠢ ᠪᠠᠶᠢᠭᠤᠯᠵᠤ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠭᠡᠷ ᠲᠤᠨᠢ ᠬᠦᠷᠴᠦ | ᠭᠦᠢᠴᠡᠳᠭᠡᠬᠦ᠂ ᠭᠠᠷ ᠤᠲᠠᠰᠤ ᠪᠠᠷ ᠭᠦᠢᠴᠡᠳᠭᠡᠬᠦ᠂ ᠣᠷᠣᠯᠠᠨ ᠭᠦᠢᠴᠡᠳᠭᠡᠬᠦ ᠵᠡᠷᠭᠡ ᠠᠷᠭ᠎ᠠ ᠬᠡᠯᠪᠡᠷᠢ ᠪᠠᠷ | ᠳᠠᠭᠠᠳᠬᠠᠯ ᠳᠤ ᠣᠷᠣᠯᠴᠠᠬᠤ ᠳᠡᠩᠰᠡᠯᠡᠯᠲᠡ᠂ ᠣᠨᠳᠣᠤ ᠭᠠᠵᠠᠷ ᠲᠤ ᠳᠠᠩᠰᠠᠯᠠᠭᠤᠯᠬᠤ᠂ ᠡᠮᠨᠡᠯᠭᠡ ᠶᠢᠨ ᠵᠠᠷᠤᠳᠠᠯ ᠤᠨ | ᠲᠠᠩᠰᠠ ᠴᠠᠶᠢᠷᠠᠭᠤᠯᠬᠤ ᠵᠡᠷᠭᠡ 13000 ᠭᠠᠷᠤᠶ ᠬᠤᠪᠢ ᠲᠤᠬᠠᠶᠢᠯᠠᠭᠰᠠᠨ ᠠᠵᠢᠯ ᠢ ᠬᠦᠢᠴᠡᠳᠭᠡᠭᠡᠳ᠂ | ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠵᠡᠢ᠃ |