ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/5/9
 5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠬᠤᠯᠠᠴᠢᠯᠠᠬᠤ  ᠳᠠᠭᠠᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠠᠰᠠᠭᠤᠳᠠᠯ ᠰᠢᠢᠳᠪᠦᠷᠢᠯᠡᠬᠦ ᠰᠡᠳᠬᠢᠬᠦᠶ︾ ᠶᠢ ᠪᠣᠶ ᠪᠤᠯᠭᠠᠨ᠂ ᠠᠵᠠ ᠲᠣᠬᠢᠶᠠᠯ ᠢ ᠡᠵᠡᠮᠳᠡᠵᠦ᠂ ᠥᠷᠢᠰᠥᠯᠳᠦᠭᠡᠨ ᠳᠤ ᠰᠢᠭᠤᠳ ᠬᠠᠨᠳᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠨᠠᠷᠢᠨ ᠬᠢᠨᠠᠮᠠᠭᠠᠶ ᠭᠡᠷᠡᠭᠵᠢᠬᠦᠯᠵᠦ᠂ ︽ᠬᠠᠯᠠᠭᠤᠨ ᠲᠤᠯᠠᠭᠠᠨ ᠢᠨᠵᠧᠨᠧᠷᠢᠩ ︾ ᠤᠨ ᠪᠣᠳᠠᠲᠤ ᠦᠷ᠎ᠡ ᠪᠦᠲᠦᠮᠵᠢ ᠶᠢ ᠣᠯᠠᠨ ᠲᠦᠮᠡᠨ ᠳᠤ ᠮᠡᠳᠡᠷᠡᠬᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠥᠷᠨᠢᠭᠦᠯᠵᠦ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢᠶᠠᠷ ᠴᠢᠬᠤᠯᠠ ᠠᠵᠠ ᠲᠣᠬᠢᠶᠠᠯ ᠪᠣᠯᠭᠠᠨ ᠣᠷᠣᠨ ᠪᠦᠰᠡ ᠶᠢᠨ ᠬᠠᠮᠲᠤᠷᠠᠯᠴᠠᠭᠠᠨ ᠤ ᠬᠢᠷᠢ ᠲᠦᠪᠰᠢᠨ ᠢ ᠲᠡᠭᠡᠭᠰᠢᠯᠡᠬᠦᠯᠦᠨ᠂ ︽ᠵᠢᠷᠭᠤᠭᠠᠨ ᠢᠨᠵᠧᠨᠧᠷᠢᠩ︾  ᠤᠨ ᠲᠠᠶᠢᠹᠤᠰᠧ ᠬᠤᠰᠢᠭᠤᠨ ᠳᠤ ᠲᠦᠷᠬᠡᠨ ᠨᠠᠶᠢᠳᠠᠪᠤᠷᠢᠵᠢᠵᠤ ᠦᠷ᠎ᠡ ᠪᠦᠲᠦᠮᠵᠢ ᠭᠠᠷᠬᠤ ᠶᠢ ᠠᠬᠢᠭᠤᠯᠬᠤ ᠬᠡᠷᠡᠭᠲᠡᠶ ᠭᠡᠪᠡ᠃ ᠬᠤᠷᠠᠯ  ᠲᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠤ ᠬᠠᠮᠳᠤ ︽ᠵᠢᠷᠭᠤᠭᠠᠨ ᠢᠨᠵᠧᠨᠧᠷᠢᠩ︾  ᠤᠨ ᠬᠡᠷᠡᠭᠵᠢᠭᠦᠯᠬᠦ ᠲᠦᠰᠦᠪ ᠪᠠ ︽2024 ᠣᠨ ᠤ ︿ᠵᠢᠷᠭᠤᠭᠠᠨ ᠢᠨᠵᠧᠨᠧᠷᠢᠩ﹀ ᠤᠨ ᠭᠤᠤᠯᠳᠠᠯᠭ᠎ᠠ ᠲᠠᠢ ᠠᠵᠢᠯ ᠤᠨ ᠡᠬᠡ ᠲᠠᠩᠰᠠ︾ ᠶᠢ ᠬᠢᠨᠠᠨ ᠵᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠬᠤ ᠪᠠ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤᠭᠤᠶᠢᠯᠠᠩ ᠤᠨ ᠡᠯ᠎ᠡ ᠲᠤᠰᠬᠠᠶ ᠠᠩᠭᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ  ᠰᠤᠨᠤᠰᠴᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号