5 ᠰᠠᠷ᠎ᠠ ᠶᠢᠨ 8 ᠤ ᠡᠳᠦᠷ ᠪᠣᠯ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠪᠤᠯᠤᠨ᠎ᠠ᠃ ᠲᠠᠶᠢᠹᠤᠰᠧ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠹᠧᠩ ᠲᠠᠢ ᠠᠭᠤᠷᠬᠠᠢ ᠶᠢᠨ ᠦᠢᠯᠡᠰ ᠤᠨ | ᠬᠢᠵᠠᠭᠠᠷᠲᠤ ᠺᠣᠮᠫᠠᠨᠢ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ | ᠡᠷᠬᠢᠯᠡᠭᠡᠳ᠂ 60 ᠭᠠᠷᠤᠶ ᠠᠵᠢᠯᠲᠠᠨ ᠪᠣᠯᠪᠠᠰᠤᠷᠠᠯ ᠳᠤ ᠤᠷᠤᠯᠴᠠᠵᠠᠢ᠃ ᠪᠣᠯᠪᠠᠰᠤᠷᠠᠯ ᠨᠢ ᠣᠨᠣᠯ ᠤᠨ ᠮᠡᠳᠡᠯᠭᠡ ᠪᠠ | ᠪᠣᠳᠠᠲᠠᠶ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠪᠠᠴᠢᠮ ᠪᠠᠶᠢᠳᠠᠯ ᠡᠬᠦᠰᠦᠭᠰᠡᠨ ᠦᠶ᠎ᠡ ᠳᠤ | ᠠᠪᠤᠷᠠᠯᠳᠠ ᠬᠢᠬᠦ ᠪᠠ ᠲᠦᠷᠭᠡᠨ ᠠᠪᠤᠷᠠᠯᠳᠠ ᠶᠢᠨ ᠮᠡᠰᠢᠨ ᠲᠦᠬᠦᠭᠡᠷᠦᠮᠵᠢ ᠶᠢ ᠬᠡᠷᠡᠭᠯᠡᠬᠦ ᠶᠡᠷᠦ ᠶᠢᠨ ᠮᠡᠳᠡᠯᠭᠡ ᠶᠢ | ᠰᠢᠰᠲ᠋ᠧᠮ ᠲᠠᠢ ᠲᠠᠶᠢᠯᠪᠤᠷᠢᠯᠠᠪᠠ᠃ ᠬᠤᠶᠠᠷ ᠡᠳᠦᠷ ᠤᠨ ᠪᠤᠯᠪᠠᠰᠤᠷᠠᠯ ᠲᠠᠭᠤᠰᠤᠭᠰᠠᠨ ᠤ ᠲᠠᠷᠠᠭ᠎ᠠ ᠬᠢᠨᠠᠨ | ᠰᠢᠯᠭᠠᠬᠤ ᠪᠠᠷ ᠲᠠᠮᠵᠢᠭᠠᠳ ᠠᠵᠢᠯᠳᠠᠳ ᠲᠤ ︽ᠤᠯᠠᠭᠠᠨ ᠵᠠᠭᠠᠯᠮᠠᠶᠢᠲᠠᠨ ᠤ ᠠᠪᠤᠷᠠᠨ ᠲᠤᠰᠠᠯᠠᠭᠴᠢ︾ ᠶᠢᠨ | ᠦᠨᠡᠮᠯᠡᠯ ᠤᠯᠭᠤᠬᠤ ᠪᠤᠯᠤᠨ᠎ᠠ᠃ ᠡᠨᠡ ᠤᠳᠠᠭᠠᠨ ᠤ ᠪᠣᠯᠪᠠᠰᠤᠷᠠᠯ ᠨᠢ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯᠲᠠᠳ ᠤᠨ ᠪᠠᠴᠢᠮ ᠪᠠᠶᠢᠳᠠᠯ ᠢ ᠠᠷᠭᠠᠴᠠᠬᠤ ᠶᠡᠷᠦ ᠶᠢᠨ | ᠮᠡᠳᠡᠯᠭᠡ ᠪᠠ ᠥᠪᠡᠷ ᠤᠨ ᠪᠡᠶ᠎ᠡ ᠦᠷᠦᠭᠡᠯ ᠪᠤᠰᠤᠳ ᠢ ᠠᠪᠤᠷᠠᠬᠤ ᠬᠢᠷᠢ ᠴᠢᠳᠠᠪᠤᠷᠢ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠳᠤ ᠪᠠᠳᠤᠯᠠᠭ᠎ᠠ ᠪᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ | ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠰᠤᠷᠭᠠᠭᠤᠯᠢ᠂ ᠨᠡᠶᠢᠭᠡᠮ ᠲᠣᠭᠤᠷᠢᠭ᠂ | ᠪᠠᠶᠢᠭᠤᠯᠭ᠎ᠠ ᠨᠢᠬᠡᠴᠡ᠂ ᠠᠵᠤ ᠠᠬᠤᠶᠢᠯᠠᠯ ᠢᠶᠠᠷ ᠦᠷᠬᠦᠯᠵᠢᠯᠡᠨ ᠬᠦᠨᠵᠡᠬᠡᠶᠢᠷᠡᠵᠦ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠪᠣᠯᠪᠠᠰᠤᠷᠠᠯ ᠢ ᠦᠷᠨᠢᠬᠦᠯᠦᠨ᠂ ︽ᠬᠥᠮᠥᠨ ᠪᠦᠬᠦᠨ ᠲᠦᠷᠭᠡᠨ ᠠᠪᠤᠷᠠᠯᠳᠠ ᠶᠢ ᠰᠤᠷᠴᠤ᠂ | ᠲᠦᠷᠭᠡᠨ ᠠᠪᠤᠷᠠᠯᠳᠠ ᠶᠢ ᠬᠥᠮᠦᠨ ᠪᠦᠬᠦᠨ ᠬᠢᠬᠦ︾ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠣᠯᠠᠨ | ᠲᠦᠮᠡᠨ ᠤ ᠥᠪᠡᠷ ᠤᠨ ᠪᠡᠶ᠎ᠡ ᠪᠠ ᠦᠷᠦᠭᠡᠯ ᠪᠤᠰᠤᠳ ᠢ ᠠᠪᠤᠷᠠᠬᠤ ᠤᠬᠠᠮᠰᠠᠷ ᠴᠢᠳᠠᠪᠤᠷᠢ ᠶᠢ ᠴᠢᠩᠭᠠᠳᠬᠠᠬᠤ ᠪᠠᠷ | ᠪᠠᠶᠢᠨ᠎ᠠ᠃ |