5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠰᠢᠭᠤ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠵᠢᠴᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ | ᠲᠡᠭᠡᠷ᠎ᠡ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠬᠠᠮᠢᠶ᠎ᠠ ᠪᠦᠬᠦᠢ ᠠᠭᠤᠯᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠠᠶᠢᠮᠠᠭ ᠤᠨ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠠᠶᠢᠭᠤᠯᠤᠯᠲᠠ ᠶᠢ | ᠠᠬᠢᠭᠤᠯᠬᠤ ᠬᠤᠷᠠᠯ ᠳᠡᠭᠡᠷᠡᠬᠢ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠵᠤᠤ ᠬᠤᠢ᠂ ᠠᠶᠢᠮᠠᠭ ᠤᠨ ᠳᠡᠳ᠋ | ᠳᠠᠷᠤᠭ᠎ᠠ ᠰᠦᠨ ᠵᠧᠨ ᠵᠢᠶᠠᠩ ᠤᠨ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ | ᠰᠤᠷᠤᠯᠴᠠᠵᠠᠢ᠃ ᠬᠤᠷᠠᠯ ᠲᠡᠭᠡᠷ᠎ᠡ ᠪᠠᠰᠠ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠦᠢᠯᠡᠳᠦᠯ ᠴᠢᠳᠠᠮᠵᠢ ᠶᠢ | ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠵᠢᠴᠢ ᠤᠯᠤᠰ ᠤᠨ ᠲᠤᠭ᠎ᠠ ᠪᠦᠷᠢᠳᠬᠡᠯ ᠤᠨ | ᠲᠤᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ ᠠᠵᠢᠯ ᠳᠤ ᠭᠠᠷ | ᠲᠦᠷᠦᠭᠰᠡᠨ ᠪᠠᠶᠢᠳᠠᠯ ᠢ ᠲᠡᠮᠳᠡᠭᠯᠡᠨ ᠮᠡᠳᠡᠬᠦᠯᠬᠦ ᠳᠦᠷᠢᠮ︾ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠤᠯᠠᠮᠵᠢᠯᠠᠨ | ᠰᠤᠷᠤᠯᠴᠠᠭᠰᠠᠨ ᠪᠦᠭᠡᠳ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ ᠠᠴᠠ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠵᠤ ᠲᠤᠰᠬᠠᠶ ᠰᠡᠳᠦᠪ ᠢᠶᠠᠷ ᠰᠤᠳᠤᠯᠤᠨ | ᠶᠠᠷᠢᠯᠴᠠᠪᠠ᠃ |