ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ | ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ | ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠵᠠᠯᠠᠭᠤᠴᠤᠳ ᠪᠠᠭᠠᠴᠤᠳ ᠢ | ᠬᠥᠮᠥᠵᠢᠭᠦᠯᠦᠨ ᠵᠢᠯᠤᠭᠤᠳᠴᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ | ᠴᠠᠭ ᠦᠶ᠎ᠡ ᠶᠢᠨ ᠰᠢᠨ᠎ᠡ ᠬᠥᠮᠥᠨ ᠪᠣᠯᠭᠠᠬᠤ ᠶᠢᠨ ᠲᠦᠯᠦᠭᠡ᠂ ᠣᠶᠢᠷ᠎ᠠ ᠳᠤ ᠲᠠᠶᠢᠹᠤᠰᠧ ᠬᠤᠰᠢᠭᠤ ᠨᠢ ᠵᠠᠯᠠᠭᠤᠴᠤᠳ | ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ | ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠠᠢ᠃ ᠵᠣᠬᠢᠶᠠᠯ ᠡᠯᠰᠡᠬᠦ ᠠᠵᠢᠯᠯᠠᠭ᠎ᠠ ᠶᠢ ᠪᠠᠭ᠎ᠠ | ᠰᠤᠷᠭᠠᠭᠤᠯᠢ ᠶᠢᠨ ᠳᠤᠭᠤᠶᠢᠯᠠᠩ ᠪᠠ ᠳᠡᠭᠡᠳᠦ ᠳᠤᠮᠳᠠᠳᠤ ᠶᠢᠨ ᠳᠤᠭᠤᠶᠢᠯᠠᠩ ᠭᠡᠵᠦ ᠬᠤᠪᠢᠶᠠᠨ᠂ ᠲᠤᠰᠬᠠᠶ | ᠮᠡᠷᠭᠡᠵᠢᠯᠲᠡᠨ ᠤ ᠨᠠᠷᠢᠨ ᠬᠢᠨᠠᠮᠠᠭᠠᠶ ᠬᠢᠨᠠᠨ ᠲᠣᠭᠲᠠᠭᠠᠬᠤ ᠪᠠᠷ ᠲᠠᠮᠵᠢᠭᠠᠳ᠂ ᠥᠨᠳᠥᠷ ᠳᠤᠮᠳᠠᠳᠤ ᠶᠢᠨ | ᠳᠤᠭᠤᠶᠢᠯᠠᠩ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠨᠡᠷ᠎ᠡ ᠨᠡᠶᠢᠲᠡ 6᠂ ᠪᠠᠭ᠎ᠠ ᠰᠤᠷᠭᠠᠭᠤᠯᠢ ᠶᠢᠨ | ᠳᠤᠭᠤᠶᠢᠯᠠᠩ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠨᠡᠷ᠎ᠡ ᠨᠡᠶᠢᠲᠡ 6 ᠶᠢ ᠰᠢᠯᠭᠠᠷᠠᠭᠤᠯᠤᠭᠰᠠᠨ ᠪᠠᠶᠢᠨ᠎ᠠ᠃ | ᠡᠨᠡ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠬᠤᠰᠢᠭᠤᠨ ᠤ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠨᠢᠭᠡᠴᠡ ᠠᠴᠠ ᠬᠠᠮᠲᠤᠷᠠᠨ ᠡᠷᠭᠢᠯᠡᠵᠡᠶ᠃ |