ᠬᠠᠤᠯᠢ ᠲᠦᠬᠡᠮᠡᠯᠵᠢᠬᠦᠯᠦᠯᠳᠡ᠄  ︽ᠬᠥᠯᠥᠰᠥᠨ ᠠᠵᠢᠯᠴᠢᠨ ᠤ ᠴᠠᠯᠢᠩ ᠤᠯᠭᠤᠯᠳᠠ ᠶᠢ ᠪᠠᠲᠤᠯᠠᠬᠤ ᠳᠦᠷᠢᠮ︾ 
ᠨᠡᠶᠢᠲᠡᠯᠡᠭᠰᠡᠨ ᠴᠠᠭ᠄
2024/5/9
   ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠬᠥᠯᠥᠰᠥᠨ ᠠᠵᠢᠯᠴᠢᠨ ᠤ ᠴᠠᠯᠢᠩ ᠤᠯᠭᠤᠯᠳᠠ ᠶᠢ ᠪᠠᠲᠤᠯᠠᠬᠤ ᠳᠦᠷᠢᠮ︾  ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠪᠣᠯ ᠴᠠᠯᠢᠩ ᠤᠨ ᠪᠠᠳᠤᠯᠠᠭᠠᠨ ᠤ ᠳᠦᠷᠢᠮ ᠢ ᠪᠦᠷᠢᠨᠰᠢᠭᠦᠯᠬᠦ ᠴᠢᠬᠤᠯᠠ ᠵᠠᠰᠠᠭ ᠵᠠᠬᠢᠷᠭᠠᠨ ᠤ ᠬᠠᠤᠯᠢ ᠲᠦᠷᠢᠮ ᠪᠣᠯᠬᠤ ᠪᠥᠭᠡᠳ ᠮᠠᠨ ᠤ ᠤᠯᠤᠰ ᠤᠨ ᠬᠦᠯᠦᠰᠦᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠠᠩᠬ᠎ᠠ ᠤᠳᠠᠭ᠎ᠠ ᠲᠣᠭᠲᠠᠭᠠᠭᠰᠠᠨ ᠲᠤᠰᠬᠠᠶ ᠬᠠᠤᠯᠢ  ᠲᠦᠷᠢᠮ ᠪᠣᠯᠤᠨ᠎ᠠ᠃ ᠲᠤᠰ ᠲᠦᠷᠢᠮ ᠢ 2020 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠭᠡᠷᠡᠭᠵᠢᠬᠦᠯᠵᠡᠢ᠃    ᠳᠦᠷᠢᠮ ᠤᠨ ᠲᠠᠶᠢᠯᠤᠮᠵᠢ᠄    01 ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠤᠨ᠎ᠠ᠃    ᠵᠠᠬ᠎ᠠ ᠳᠡᠯᠭᠡᠭᠦᠷ ᠤᠨ ᠭᠤᠣᠯ ᠴᠣᠭᠴᠠ ᠬᠠᠷᠢᠭᠤᠴᠠᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠨ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠴᠢᠨ ᠤ ᠡᠪᠯᠡᠯ᠂  ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠤᠨ᠂ ᠢᠯᠡᠴᠢᠯᠡᠨ ᠮᠡᠳᠡᠬᠦᠯᠬᠦ ᠶᠢ ᠴᠢᠩᠭᠠᠳᠬᠠᠵᠤ᠂ ᠤᠯᠠᠨ ᠲᠠᠯ᠎ᠠ ᠠᠴᠠ ᠬᠠᠮᠲᠤ ᠪᠠᠷ ᠵᠠᠰᠠᠬᠤ ᠶᠢ ᠪᠡᠶᠡᠯᠡᠭᠦᠯᠦᠨ᠎ᠡ᠃    02 ᠴᠠᠯᠢᠩ ᠤᠯᠭᠤᠬᠤ ᠠᠵᠢᠯᠯᠠᠭ᠎ᠠ ᠶᠢ ᠲᠦᠷᠢᠮᠵᠢᠬᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠳᠠᠯᠠᠨ᠎ᠠ    ᠪᠠᠩᠬᠢ ᠶᠢᠨ ᠳᠠᠩᠰᠠ ᠪᠠᠷ ᠰᠢᠯᠵᠢᠬᠦᠯᠦᠨ ᠤᠯᠭᠤᠬᠤ ᠪᠤᠶᠤ ᠪᠡᠯᠡᠨ ᠮᠥᠩᠭᠦᠨ ᠤ ᠬᠡᠯᠪᠡᠷᠢ ᠪᠠᠷ ᠴᠠᠯᠢᠩ ᠤᠯᠭᠤᠬᠤ ᠪᠠᠨ ᠲᠤᠳᠤᠷᠬᠠᠶᠢᠯᠠᠨ᠎ᠠ᠂ ᠡᠳ᠋ ᠪᠤᠳᠠᠰ ᠪᠤᠶᠤ ᠦᠨᠡᠲᠦ ᠲᠡᠮᠳᠡᠭᠲᠦ ᠵᠡᠷᠭᠡ ᠪᠤᠰᠤᠳ ᠬᠡᠯᠪᠡᠷᠢ ᠪᠠᠷ ᠣᠷᠣᠯᠠᠭᠤᠯᠵᠤ ᠪᠣᠯᠬᠤ ᠦᠭᠡᠢ᠂ ᠬᠥᠮᠦᠨ ᠬᠡᠷᠡᠭᠯᠡᠬᠦ ᠨᠢᠭᠡᠴᠡ ᠨᠢ ᠴᠠᠯᠢᠩ ᠤᠯᠭᠤᠬᠤ ᠦᠶᠡᠯᠡᠯ ᠤᠨ ᠬᠤᠭᠤᠴᠠᠭ᠎ᠠ ᠪᠠ ᠪᠣᠳᠠᠲᠠᠶ ᠤᠯᠭᠤᠬᠤ ᠴᠠᠭ ᠬᠤᠭᠤᠴᠠᠭ᠎ᠠ ᠶᠣᠰᠣᠭᠠᠷ ᠴᠠᠯᠢᠩ ᠢ ᠲᠤᠭ᠎ᠠ ᠶᠣᠰᠣᠭᠠᠷ ᠤᠯᠭᠤᠵᠤ᠂  ᠴᠠᠯᠢᠩ ᠤᠯᠭᠤᠯᠳᠠ  ᠶᠢᠨ ᠳᠠᠩᠰᠠ ᠬᠠᠷ᠎ᠠ ᠶᠢ  ᠬᠢᠬᠦ ᠶᠢᠨ ᠬᠠᠮᠲᠤ ᠨᠠᠭᠠᠳᠤ ᠵᠠᠬ᠎ᠠ ᠳᠠᠭᠠᠨ 3 ᠵᠢᠯ ᠬᠠᠳᠠᠭᠠᠯᠠᠬᠤ ᠬᠡᠷᠡᠭᠲᠡᠶ᠃    03 ᠴᠠᠯᠢᠩ ᠤᠯᠭᠤᠬᠤ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ  ᠶᠢ ᠬᠡᠷᠡᠭᠵᠢᠭᠦᠯᠦᠨ᠎ᠡ᠃   ᠬᠥᠮᠦᠨ ᠬᠡᠷᠡᠭᠯᠡᠬᠦ ᠨᠢᠬᠡᠴᠡ ᠶᠢᠨ ᠴᠠᠯᠢᠩ ᠤᠯᠭᠤᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠬᠠᠤᠯᠢ ᠶᠣᠰᠣᠭᠠᠷ ᠡᠵᠡᠩᠨᠡᠬᠦ ᠬᠢᠷᠢ ᠬᠡᠮ ᠨᠢ ᠪᠦᠷᠢᠳᠦᠬᠡᠳᠦᠢ ᠨᠢᠬᠡᠴᠡ ᠶᠢᠨ  ᠬᠦᠯᠦᠰᠦᠨ ᠠᠵᠢᠯᠴᠢᠨ  ᠬᠡᠷᠡᠭᠯᠡᠬᠦ᠂  ᠠᠵᠢᠯ ᠡᠭᠦᠷᠭᠡ ᠶᠢ ᠳᠠᠭᠠᠭᠠᠴᠢᠯᠠᠭᠤᠯᠬᠤ ᠵᠡᠷᠭᠡ ᠣᠨᠴᠠᠭᠠᠶ ᠪᠠᠶᠢᠳᠠᠯ ᠳᠣᠤᠷᠠᠬᠢ ᠴᠠᠯᠢᠩ ᠤᠯᠭᠤᠯᠳᠠ ᠶᠢᠨ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠳᠤ ᠬᠡᠷᠡᠭᠰᠡᠬᠦ ᠪᠡᠯᠡ ᠮᠥᠩᠭᠦ ᠶᠢ ᠡᠷᠬᠡᠪᠰᠢ ᠪᠣᠳᠠᠲᠠᠶ ᠳᠤ ᠨᠠᠶᠢᠳᠠᠪᠤᠷᠢᠵᠢᠭᠤᠯᠬᠤ ᠭᠡᠷᠡᠭᠳᠡᠢ᠂ ᠪᠠᠷᠢᠯᠭ᠎ᠠ  ᠶᠢᠨ ᠨᠢᠭᠡᠴᠡ ᠪᠠᠷ ᠪᠡᠯᠡ ᠮᠥᠩᠭᠦ ᠣᠷᠣᠯᠠᠨ ᠭᠠᠷᠭᠠᠭᠤᠯᠵᠤ ᠪᠣᠯᠬᠤ ᠦᠭᠡᠢ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ  ᠭᠠᠵᠠᠷ ᠤᠷᠤᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠢᠳᠬᠡᠯ ᠥᠭᠭᠦᠨ᠎ᠡ᠃      04 ᠬᠢᠨᠠᠨ ᠬᠠᠮᠢᠶᠠᠷᠬᠤ ᠠᠷᠭ᠎ᠠ ᠪᠠᠷᠢᠯ ᠢ ᠴᠢᠩᠭᠠᠳᠬᠠᠵᠤ᠂ ᠴᠠᠯᠢᠩ ᠤᠯᠭᠤᠯᠳᠠ ᠶᠢ ᠦᠨᠡᠨᠬᠦ ᠪᠠᠳᠤᠯᠠᠨ᠎ᠠ᠃   ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠡᠷᠬᠡ ᠮᠡᠳᠡᠯ ᠤᠨ ᠬᠡᠪᠴᠢᠶ᠎ᠡ ᠶᠢ ᠲᠣᠳᠣᠷᠬᠠᠶᠢᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠨᠢᠭᠡᠴᠡ ᠶᠢᠨ ᠪᠠᠩᠬᠢ ᠶᠢᠨ ᠳᠠᠩᠰᠠᠨ ᠡᠷᠦᠬᠡ ᠵᠢᠴᠢ ᠬᠡᠷ ᠬᠥᠷᠥᠩᠭᠡ᠂ ᠲᠡᠷᠭᠡ ᠬᠥᠰᠬᠡ ᠵᠡᠷᠭᠡ ᠪᠠᠶᠢᠳᠠᠯ ᠢ ᠪᠠᠶᠢᠴᠠᠭᠠᠨ ᠯᠠᠪᠯᠠᠵᠤ ᠪᠣᠯᠤᠨ᠎ᠠ᠃ ᠬᠥᠮᠦᠨ ᠬᠡᠷᠡᠭᠯᠡᠬᠦ ᠨᠢᠬᠡᠴᠡ ᠶᠢᠨ ᠬᠥᠳᠡᠯᠮᠦᠷᠢ ᠶᠢᠨ ᠪᠠᠳᠤᠯᠠᠭᠠᠨ ᠤ ᠬᠠᠤᠯᠢ ᠰᠠᠬᠢᠯᠭ᠎ᠠ ᠦᠨᠡᠨᠴᠢ ᠢᠳᠡᠭᠡᠮᠵᠢ ᠶᠢᠨ ᠲᠠᠩᠰᠠ ᠡᠪᠬᠡᠮᠡᠯ ᠪᠠ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠢᠲᠡᠭᠡᠮᠵᠢ ᠠᠯᠳᠠᠭᠰᠠᠳ ᠲᠤ ᠵᠠᠯᠬᠠᠭᠠᠯ ᠦᠵᠡᠬᠦᠯᠬᠦ ᠲᠦᠷᠢᠮ ᠢ ᠪᠠᠶᠢᠭᠤᠯᠵᠤ᠂ ᠲᠣᠰ ᠲᠦᠷᠢᠮ ᠠᠴᠠ ᠵᠥᠷᠢᠴᠡᠭᠰᠡᠨ ᠠᠵᠢᠯᠯᠠᠭ᠎ᠠ ᠳᠤ ᠵᠤᠬᠢᠷᠠᠬᠤ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠪᠠ᠃    ᠠᠰᠠᠭᠤᠳᠠᠯ ᠬᠠᠷᠢᠭᠤᠯᠳᠠ᠄      Q  ᠄ ᠬᠦᠯᠦᠰᠦᠨ ᠠᠵᠢᠯᠴᠢᠨ ᠤ ᠴᠠᠯᠢᠩ ᠢ ᠶᠠᠮᠠᠷ ᠬᠡᠯᠪᠡᠷᠢ ᠪᠠᠷ ᠥᠭᠴᠦ ᠪᠣᠯᠬᠤ ᠪᠤᠢ︖    A᠄  ᠪᠠᠩᠬᠢ ᠶᠢᠨ ᠲᠠᠩᠰᠠᠨ ᠳᠤ ᠰᠢᠯᠵᠢᠭᠦᠯᠬᠦ ᠪᠤᠶᠤ ᠪᠡᠯᠡᠨ ᠮᠥᠩᠭᠦ ᠶᠢᠨ ᠬᠡᠯᠪᠡᠷᠢ ᠪᠠᠷ ᠤᠯᠭᠤᠨ᠎ᠠ᠃    Q  ᠄  ᠬᠦᠯᠦᠰᠦᠨ ᠠᠵᠢᠯᠴᠢᠨ ᠤ ᠴᠠᠯᠢᠩ ᠢ ᠡᠳ᠋ ᠪᠤᠳᠠᠰ ᠪᠤᠶᠤ ᠦᠨᠡᠲᠦ ᠲᠡᠮᠳᠡᠭᠳᠦ ᠪᠠᠷ ᠤᠷᠤᠯᠠᠭᠤᠯᠵᠤ ᠪᠣᠯᠣᠨ᠎ᠠ ᠤᠤ︖    A᠄ ᠪᠣᠯᠬᠤ ᠦᠭᠡᠢ᠂ ᠡᠨᠡ ᠪᠤᠯ ᠬᠠᠤᠯᠢ ᠠᠴᠠ ᠵᠥᠷᠢᠴᠡᠭᠰᠡᠨ ᠠᠵᠢᠯᠯᠠᠭ᠎ᠠ᠃    Q  ᠄  ᠴᠠᠯᠢᠩ ᠤᠯᠭᠤᠬᠤ ᠡᠳᠦᠷ ᠢ ᠬᠡᠷᠬᠢᠨ ᠲᠣᠭᠲᠠᠭᠠᠬᠤ ᠪᠤᠢ︖    A᠄ ᠬᠥᠮᠦᠨ ᠬᠡᠷᠡᠭᠯᠡᠬᠦ ᠨᠢᠭᠡᠴᠡ ᠨᠢ ᠬᠦᠯᠦᠰᠦᠨ ᠠᠵᠢᠯᠴᠢᠨ ᠲᠠᠢ ᠲᠤᠭᠳᠠᠭᠰᠠᠨ ᠭᠡᠷ᠎ᠡ ᠪᠢᠴᠢᠭ ᠪᠤᠶᠤ ᠬᠠᠤᠯᠢ  ᠪᠠᠷ ᠲᠣᠭᠲᠠᠭᠠᠭᠰᠠᠨ ᠳᠦᠷᠢᠮ ᠲᠣᠭᠲᠠᠭᠠᠯ ᠳᠠᠬᠢ ᠴᠠᠯᠢᠩ ᠣᠯᠭᠤᠬᠤ ᠦᠶᠡᠯᠡᠯ ᠤᠨ ᠬᠤᠭᠤᠴᠠᠭ᠎ᠠ  ᠪᠠ ᠪᠣᠳᠠᠲᠠᠶ ᠤᠯᠭᠤᠬᠤ ᠡᠳᠦᠷ ᠬᠤᠭᠤᠴᠠᠭ᠎ᠠ ᠶᠢᠨ ᠶᠣᠰᠣᠭᠠᠷ ᠴᠠᠯᠢᠩ ᠢ ᠲᠤᠭ᠎ᠠ ᠶᠤᠰᠤᠭᠠᠷ ᠣᠯᠭᠤᠬᠤ ᠬᠡᠷᠡᠭᠲᠡᠶ᠃    Q᠄  ᠬᠥᠮᠦᠨ ᠬᠡᠷᠡᠭᠯᠡᠬᠦ ᠨᠢᠭᠡᠴᠡ ᠨᠢ ᠴᠠᠯᠢᠩ ᠢ ᠴᠠᠭ ᠲᠤᠬᠠᠶ ᠳᠤᠨᠢ ᠤᠯᠭᠤᠬᠤ ᠠᠴᠠ ᠭᠠᠳᠠᠨ᠎ᠠ ᠪᠠᠰᠠ ᠶᠠᠮᠠᠷ ᠶᠠᠮᠠᠷ ᠡᠭᠦᠷᠭᠡ ᠲᠠᠢ ᠪᠣᠶ︖    A᠄ ᠬᠥᠮᠦᠨ ᠬᠡᠷᠡᠭᠯᠡᠬᠦ ᠨᠢᠭᠡᠴᠡ ᠨᠢ ᠪᠠᠰᠠ ᠴᠠᠯᠢᠩ ᠤᠨ ᠳᠠᠩᠰᠠ ᠬᠠᠷ᠎ᠠ ᠶᠢ ᠬᠢᠬᠦ ᠪᠦᠭᠡᠳ ᠨᠠᠭᠠᠳᠤ ᠵᠠᠬ᠎ᠠ ᠳᠠᠭᠠᠨ 3 ᠵᠢᠯ ᠬᠠᠳᠠᠭᠠᠯᠠᠬᠤ ᠬᠡᠷᠡᠭᠲᠡᠶ᠃ ᠴᠠᠯᠢᠩ ᠢ ᠤᠯᠭᠤᠬᠤ ᠦᠶᠡᠰ ᠲᠤᠰ ᠬᠥᠮᠦᠨ ᠤ ᠴᠠᠯᠢᠩ ᠤᠨ ᠨᠠᠷᠢᠨ ᠲᠠᠩᠰᠠ ᠶᠢ  ᠭᠠᠷᠭᠠᠵᠤ  ᠦᠭᠬᠦ ᠶᠤᠰᠤᠳᠠᠢ᠃    Q  ᠄  ᠴᠠᠯᠢᠩ ᠤᠨ ᠲᠠᠩᠰᠠ ᠬᠠᠷ᠎ᠠ ᠶᠢ ᠬᠢᠬᠦ ᠳᠤ ᠶᠠᠮᠠᠷ ᠶᠠᠮᠠᠷ ᠠᠭᠤᠯᠭ᠎ᠠ ᠶᠢ ᠤᠷᠤᠭᠤᠯᠬᠤ ᠴᠢᠬᠤᠯᠠᠲᠠᠶ ᠪᠣᠶ︖    A᠄  ᠬᠥᠮᠦᠨ ᠬᠡᠷᠡᠭᠯᠡᠬᠦ ᠨᠢᠭᠡᠴᠡ ᠶᠢᠨ ᠨᠡᠷᠡᠶᠢᠳᠦᠯ᠂ ᠴᠠᠯᠢᠩ ᠣᠯᠭᠤᠬᠤ ᠦᠶᠡᠯᠡᠯ᠂ ᠣᠯᠭᠤᠬᠤ ᠴᠠᠭ ᠬᠤᠭᠤᠴᠠᠭ᠎ᠠ᠂  ᠬᠦᠯᠦᠰᠦᠨ ᠠᠵᠢᠯᠴᠢᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ  ᠂ ᠬᠠᠷᠢᠯᠴᠠᠬᠤ ᠠᠷᠭ᠎ᠠ᠂  ᠠᠵᠢᠯᠯᠠᠭᠰᠠᠨ ᠴᠠᠭ᠂ ᠣᠯᠭᠤᠪᠠᠰᠤ ᠵᠣᠬᠢᠬᠤ ᠴᠠᠯᠢᠩ ᠤᠨ ᠲᠥᠷᠥᠯ ᠵᠦᠢᠯ ᠪᠠ ᠲᠤᠭ᠎ᠠ ᠬᠡᠮᠵᠢᠶ᠎ᠡ᠂  ᠰᠠᠭᠤᠯᠭᠠᠨ ᠠᠪᠬᠤ ᠲᠥᠷᠥᠯ ᠵᠦᠢᠯ ᠪᠠ ᠲᠤᠭ᠎ᠠ ᠬᠡᠮᠵᠢᠶ᠎ᠡ᠂ ᠪᠣᠳᠠᠲᠠᠶ ᠣᠯᠭᠤᠬᠤ ᠴᠠᠯᠢᠩ ᠤᠨ ᠲᠤᠭ᠎ᠠ ᠬᠡᠮᠵᠢᠶ᠎ᠡ᠂ ᠪᠠᠩᠬᠢ ᠶᠢᠨ ᠣᠷᠣᠯᠠᠨ ᠣᠯᠭᠤᠭᠰᠠᠨ  ᠪᠠᠷᠢᠮᠲᠠ ᠪᠤᠶᠤ  ᠬᠦᠯᠦᠰᠦᠨ ᠠᠵᠢᠯᠴᠢᠨ ᠤ ᠭᠠᠷ ᠤᠨ ᠦᠰᠦᠭ ᠵᠡᠷᠭᠡ ᠠᠭᠤᠯᠭ᠎ᠠ ᠶᠢ ᠪᠠᠭᠳᠠᠭᠠᠨ᠎ᠠ᠃        Q᠄  ᠬᠥᠯᠥᠰᠥᠨ ᠠᠵᠢᠯᠴᠢᠨ ᠳᠤ ᠴᠠᠯᠢᠩ ᠦᠷᠢᠳᠦᠪᠡᠯ ᠬᠡᠨ ᠢ ᠡᠷᠢᠵᠦ ᠠᠪᠬᠤ ᠪᠤᠢ︖    A᠄ ᠬᠥᠮᠦᠨ ᠬᠡᠷᠡᠭᠯᠡᠬᠦ ᠨᠢᠭᠡᠴᠡ ᠨᠢ ᠬᠦᠯᠦᠰᠦᠨ ᠠᠵᠢᠯᠴᠢᠨ ᠳᠤ ᠴᠠᠯᠢᠩ ᠦᠷᠢᠳᠦᠵᠦ ᠪᠤᠯᠬᠤ ᠦᠬᠡᠢ᠂  ᠡᠷᠭᠡᠪᠰᠢ ᠬᠠᠤᠯᠢ ᠶᠣᠰᠣᠭᠠᠷ ᠲᠥᠯᠥᠵᠦ ᠳᠠᠭᠤᠰᠬᠠᠬᠤ ᠬᠡᠷᠡᠭᠲᠡᠶ᠃    Q᠄  ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠢ ᠪᠦᠷᠢᠯᠳᠦᠭᠦᠯᠦᠭᠰᠡᠨ ᠥᠬᠡᠶ ᠬᠥᠮᠦᠨ ᠬᠡᠷᠡᠭᠯᠡᠬᠦ ᠨᠢᠭᠡᠴᠡ ᠨᠢ ᠬᠦᠯᠦᠰᠦᠨ ᠠᠵᠢᠯᠴᠢᠨ ᠳᠤ ᠴᠠᠯᠢᠩ ᠦᠷᠢᠳᠦᠪᠡᠯ ᠶᠠᠭᠠᠬᠢᠬᠤ ᠪᠤᠢ︖    A: ︽ᠬᠥᠳᠡᠯᠮᠦᠷᠢ ᠶᠢᠨ ᠭᠡᠷ᠎ᠡ ᠶᠢᠨ ᠬᠠᠤᠯᠢ  ︾ ᠳᠤ᠂ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠢ ᠪᠦᠷᠢᠯᠳᠦᠭᠦᠯᠦᠭᠰᠡᠨ ᠥᠬᠡᠶ ᠬᠥᠮᠦᠨ ᠬᠡᠷᠡᠭᠯᠡᠬᠦ ᠨᠢᠭᠡᠴᠡ ᠨᠢ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠪᠡᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠂ ᠲᠤᠰ ᠨᠢᠭᠡᠴᠡ ᠪᠤᠶᠤ ᠪᠡᠯᠡ ᠭᠠᠷᠭᠠᠭᠴᠢ ᠨᠢ ᠲᠤᠰ ᠬᠠᠤᠯᠢ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠥᠳᠡᠯᠮᠦᠷᠢ ᠶᠢᠨ ᠬᠥᠯᠥᠰᠥ ᠣᠯᠭᠤᠮᠵᠢ᠂ ᠠᠵᠤ ᠠᠬᠤᠢ ᠶᠢᠨ ᠨᠥᠬᠦᠪᠥᠷᠢ᠂ ᠲᠥᠯᠥᠪᠦᠷᠢ ᠶᠢᠨ ᠮᠥᠩᠭᠦ ᠥᠭᠬᠦ ᠬᠡᠷᠡᠭᠲᠡᠢ  ᠂ ᠬᠥᠳᠡᠯᠮᠦᠷᠢᠴᠢᠳ ᠲᠤ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢ ᠦᠭᠬᠦ ᠬᠡᠷᠡᠭᠲᠡᠢ ᠬᠡᠵᠦ ᠲᠤᠭᠳᠠᠭᠠᠭᠰᠠᠨ ᠪᠠᠶᠢᠳᠠᠭ᠃        Q᠄  ᠬᠤᠷᠰᠢᠭᠰᠠᠨ ᠠᠵᠤ ᠠᠬᠤᠶᠢᠯᠠᠯ᠂ ᠬᠤᠪᠢ ᠬᠥᠮᠦᠨ ᠤ ᠲᠤᠰᠠᠭᠠᠷ ᠪᠡᠯᠡ ᠶᠢᠨ ᠠᠵᠤ ᠠᠬᠤᠶᠢᠯᠠᠯ᠂ ᠬᠤᠪᠢ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠬᠥᠮᠦᠨ ᠬᠡᠷᠡᠭᠯᠡᠬᠦ ᠨᠢᠭᠡᠴᠡ ᠨᠢ  ᠬᠦᠯᠦᠰᠦᠨ ᠠᠵᠢᠯᠴᠢᠨ ᠳᠤ ᠴᠠᠯᠢᠩ  ᠦᠷᠢᠳᠦᠪᠡᠯ ᠬᠡᠨ ᠨᠢ ᠡᠷᠢᠵᠦ ᠠᠪᠬᠤ ᠬᠡᠷᠡᠭᠲᠡᠶ ᠪᠤᠶ︖     A᠄  ᠡᠷᠭᠡᠪᠰᠢ ᠬᠠᠤᠯᠢ ᠶᠣᠰᠣᠭᠠᠷ ᠲᠥᠯᠥᠵᠦ ᠤᠯᠭᠤᠬᠤ ᠬᠡᠷᠡᠭᠲᠡᠶ᠂ ᠦᠭᠡᠶ ᠪᠣᠯ ᠵᠣᠭᠤᠰ ᠭᠠᠷᠭᠠᠭᠴᠢ ᠨᠢ ᠬᠠᠤᠯᠢ ᠶᠣᠰᠣᠭᠠᠷ ᠲᠥᠯᠥᠵᠦ ᠳᠠᠭᠤᠰᠬᠠᠬᠤ ᠬᠡᠷᠡᠭᠲᠡᠶ᠃     Q᠄  ᠬᠥᠮᠦᠨ ᠬᠡᠷᠡᠭᠯᠡᠬᠦ ᠨᠢᠬᠡᠴᠡ ᠨᠢ ᠬᠦᠴᠦᠨ ᠦᠭᠡᠢ ᠪᠤᠯᠤᠭᠰᠠᠨ ᠪᠤᠯ ᠬᠥᠯᠥᠰᠥᠨ ᠠᠵᠢᠯᠴᠢᠨ ᠤ ᠴᠠᠯᠢᠩ ᠢ ᠬᠡᠨ ᠲᠥᠯᠥᠵᠦ ᠳᠠᠭᠤᠰᠬᠠᠬᠤ ᠪᠣᠶ︖     A᠄  ᠬᠦᠴᠦᠨ ᠦᠭᠡᠶ ᠪᠣᠯᠭᠠᠬᠤ ᠡᠷᠡᠮᠡᠵᠯᠡᠯ ᠢᠶᠠᠨ ᠲᠡᠪᠰᠢᠬᠦᠯᠬᠦ ᠠᠴᠠ ᠡᠮᠦᠨ᠎ᠡ ᠬᠦᠯᠦᠰᠦᠨ ᠠᠵᠢᠯᠴᠢᠨ ᠤ ᠴᠠᠯᠢᠩ ᠢ ᠬᠠᠤᠯᠢ ᠶᠣᠰᠣᠭᠠᠷ ᠲᠥᠯᠥᠵᠦ ᠳᠠᠭᠤᠰᠬᠠᠬᠤ ᠬᠡᠷᠡᠭᠲᠡᠶ᠃         Q᠄  ᠬᠥᠳᠡᠯᠮᠦᠷᠢᠴᠢᠳ ᠤᠨ ᠡᠷᠬᠡ ᠠᠰᠢᠭ ᠢᠶᠠᠨ ᠬᠠᠮᠠᠭᠠᠯᠠᠬᠤ ᠲᠤᠰᠠᠯᠠᠮᠵᠢ ᠶᠢᠨ ᠠᠷᠭ᠎ᠠ ᠵᠠᠮ ᠶᠠᠭᠤ ᠶᠠᠭᠤ ᠪᠠᠶᠢᠬᠤ ᠪᠤᠢ︖    A᠄  ᠬᠦᠯᠦᠰᠦᠨ ᠠᠵᠢᠯᠴᠢᠨ ᠨᠢ ᠪᠠᠶᠢᠭ᠎ᠠ ᠭᠠᠵᠠᠷ ᠤᠨ ᠬᠦᠮᠦᠨ ᠭᠡᠷᠡᠭᠯᠡᠭᠰᠡᠨ ᠭᠠᠵᠠᠷ ᠤᠷᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠵᠠᠭᠠᠯᠳᠤᠯᠭ᠎ᠠ ᠬᠢᠬᠦ ᠪᠤᠶᠤ ᠬᠥᠳᠡᠯᠮᠦᠷᠢ ᠶᠢᠨ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠪᠠ ᠵᠠᠭᠠᠯᠳᠤᠬᠤ ᠡᠷᠬᠡ ᠲᠠᠢ᠃ ᠶᠠᠮᠠᠷᠪᠠ ᠨᠢᠭᠡᠴᠡ ᠪᠤᠶᠤ ᠬᠤᠪᠢ ᠬᠥᠮᠦᠨ    ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠦᠢᠯᠡ ᠠᠵᠢᠯᠯᠠᠭ᠎ᠠ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号