ᠴᠢᠶᠠᠨ ᠶᠢᠨ ᠭᠸᠦ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/10
  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠤ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠤᠯᠠᠮ ᠴᠢᠩᠭᠠᠳᠬᠠᠨ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 7 ᠤ ᠡᠳᠦᠷ ᠴᠢᠶᠠᠨ ᠶᠢᠨ ᠭᠸᠦ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠬᠦᠳ ᠠᠵᠢᠯᠯᠠᠭ᠎ᠠ ᠳᠤ ᠣᠷᠣᠯᠴᠠᠪᠠ᠃  ᠠᠵᠢᠯᠯᠠᠭᠠᠨ ᠤ ᠬᠤᠭᠤᠴᠠᠭᠠᠨ ᠳᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦᠯᠦᠨ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠠᠷ ᠰᠤᠷᠭᠠᠮᠵᠢ ᠪᠤᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠤᠷᠢᠭ᠎ᠠ ᠱᠤᠭᠤᠮ ᠤᠨ ᠰᠡᠳᠬᠢᠬᠦᠶ ᠶᠢ ᠪᠠᠳᠤᠳᠬᠠᠨ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠭᠰᠠᠨ ᠪᠠᠶᠢᠨ᠎ᠠ᠃ ᠣᠯᠠᠨ ᠢᠶᠠᠷ ᠢᠶᠠᠨ᠂ ᠨᠠᠮ ᠤᠨ ᠵᠣᠷᠢᠯᠲᠠ ᠪᠠ ᠰᠠᠬᠢᠯᠭ᠎ᠠ ᠪᠠᠲᠤ ᠶᠣᠰᠣ ᠲᠦᠷᠢᠮ ᠢ ᠪᠠᠲᠤ ᠴᠡᠭᠡᠵᠢᠯᠡᠵᠦ᠂ ᠴᠠᠭ ᠢᠮᠠᠭᠲᠠ ᠦᠪᠡᠷ ᠢ ᠪᠠᠨ ᠬᠦᠨᠳᠦᠳᠭᠡᠨ ᠥᠪᠡᠷ ᠢ ᠪᠠᠨ ᠵᠣᠷᠢᠭᠵᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ  ᠱᠠᠭᠠᠷᠳᠠᠨ᠂ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂ ᠡᠷᠬᠡ ᠲᠤᠰᠢᠶᠠᠯ ᠢᠶᠠᠨ ᠠᠷᠠᠳ ᠤᠨ ᠲᠥᠯᠥᠭᠡ ᠬᠡᠷᠡᠭᠯᠡᠬᠦ᠂ ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠲᠠᠢ ᠬᠤᠯᠪᠣᠬᠤ᠂ ᠠᠰᠢᠭ ᠲᠤᠰᠠ ᠶᠢ ᠠᠷᠠᠳ ᠲᠦᠮᠡᠨ ᠳᠤ ᠬᠦᠷᠳᠡᠭᠡᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ ᠬᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠸᠤ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠭᠦᠨᠵᠡᠭᠡᠶᠢᠷᠡᠭᠦᠯᠵᠦ᠂  ᠠᠷᠢᠭᠤᠨ ᠴᠢᠬᠡᠴᠢ ᠶᠢᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号