ᠰᠢᠩ ᠹᠦ᠋ ᠰᠢᠶᠠᠩ ᠤᠨ ᠠᠷᠠᠳ ᠤᠨ ᠲᠥᠯᠥᠭᠡᠯᠡᠭᠴᠢᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/10
 6 ᠰᠠᠷ᠎ᠠ ᠶᠢᠨ 6 ᠤ ᠡᠳᠦᠷ᠂ ᠰᠢᠩ ᠹᠦ᠋ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠢᠶᠧ ᠰᠢᠶᠤᠤ ᠹᠧᠩ ᠬᠡᠰᠡᠭ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂  2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠡᠢ᠃ ᠲᠥᠯᠥᠭᠡᠯᠡᠭᠴᠢᠳ ᠮᠤᠤ ᠱᠧᠩ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠪᠠ ᠡᠬᠢ ᠪᠠᠶᠠᠯᠢᠭ ᠤᠨ ᠠᠰᠢᠭᠯᠠᠯᠳᠠ ᠶᠢᠨ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠦ᠂ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ᠂ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠵᠡᠷᠭᠡ ᠪᠠᠶᠢᠳᠠᠯ ᠤᠨ ᠲᠤᠬᠠᠢ ᠬᠠᠮᠢᠶ᠎ᠠ ᠪᠦᠬᠦᠢ ᠬᠠᠷᠢᠭᠤᠴᠠᠯᠭᠠᠲᠠᠨ ᠤ ᠨᠠᠷᠢᠨ ᠲᠠᠨᠢᠯᠴᠠᠭᠤᠯᠭ᠎ᠠ ᠶᠢ ᠰᠤᠨᠤᠰᠤᠭᠰᠠᠨ ᠪᠦᠭᠡᠳ  ᠪᠠᠷᠢᠯᠭ᠎ᠠ ᠶᠢᠨ ᠶᠠᠰᠤ ᠴᠢᠨᠠᠷ᠂ ᠪᠡᠯᠡ ᠮᠥᠩᠭᠦ ᠰᠢᠯᠵᠢᠭᠦᠯᠦᠨ ᠥᠭᠭᠦᠭᠰᠡᠨ ᠪᠠᠶᠢᠳᠠᠯ᠂ ᠠᠮᠤᠷ ᠲᠦᠪᠰᠢᠨ ᠤ ᠲᠥᠬᠦᠭᠡᠷᠦᠮᠵᠢ ᠶᠢᠨ ᠪᠠᠶᠢᠳᠠᠯ ᠵᠡᠷᠭᠡ ᠶᠢ ᠪᠠᠶᠢᠴᠠᠭᠠᠨ ᠤᠶᠢᠯᠠᠭᠠᠪᠠ᠃ ᠲᠥᠯᠥᠭᠡᠯᠡᠭᠴᠢᠳ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠭᠦᠢᠴᠡᠳ  ᠨᠤᠳᠠᠯᠠᠭᠰᠠᠨ ᠪᠦᠭᠡᠳ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠤᠯᠠᠮ ᠰᠠᠶᠢᠨ ᠭᠦᠢᠴᠡᠳᠬᠡᠵᠦ᠂ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ ᠭᠡᠵᠦ ᠢᠯᠡᠷᠭᠡᠶᠢᠯᠡᠭᠰᠡᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号