ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/6/12
   ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ 6 ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ ᠶᠠᠪᠤᠭᠳᠠᠵᠤ᠂  ᠬᠤᠰᠢᠭᠤ ᠨᠠᠮ ᠤᠨ ᠬᠤᠷᠢᠶᠠᠨ ᠤ 4 ᠪᠠᠶᠢᠴᠠᠭᠠᠬᠤ ᠲᠤᠭᠤᠶᠢᠯᠠᠩ ᠠᠴᠠ ᠲᠣᠰ ᠡᠭᠡᠯᠵᠢ ᠳᠤ ᠲᠤᠭᠤᠷᠢᠨ ᠪᠠᠶᠢᠴᠠᠭᠠᠭᠰᠠᠨ 8 ᠰᠠᠯᠠᠭ᠎ᠠ ᠮᠥᠴᠢᠷ ᠪᠠ 3 ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠲᠤᠭᠤᠷᠢᠨ ᠪᠠᠶᠢᠴᠠᠭᠠᠭᠰᠠᠨ ᠪᠠᠶᠢᠳᠠᠯ  ᠢ ︽ᠨᠢᠭᠡ ᠨᠢᠭᠡ ᠪᠠᠷ︾ ᠬᠠᠷᠢᠭᠤ ᠲᠤᠰᠬᠠᠵᠠᠢ᠃  ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠠᠷᠢᠭᠤ ᠲᠤᠰᠬᠠᠬᠤ ᠬᠤᠷᠠᠯ ᠳᠤ ᠤᠷᠤᠯᠴᠠᠭᠰᠠᠨ ᠪᠦᠭᠡᠳ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠠᠰᠠᠭᠤᠳᠠᠯ ᠢ ᠲᠠᠨᠢᠵᠤ᠂  ᠴᠡᠭᠴᠡᠯᠡᠨ ᠰᠠᠶᠢᠵᠢᠷᠠᠭᠤᠯᠬᠤ ᠠᠵᠢᠯ ᠢ ᠲᠦᠢᠯᠪᠤᠷᠢᠲᠠᠶ ᠰᠠᠶᠢᠨ ᠠᠳᠬᠤᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃  ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠠᠴᠠ ᠪᠠᠶᠢᠴᠠᠭᠠᠭᠳᠠᠭᠰᠠᠨ ᠨᠢᠭᠡᠴᠡ ᠶᠢᠨ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠬᠠᠷᠢᠭᠤ ᠲᠤᠰᠬᠠᠯ ᠳᠤ᠂  ᠪᠠᠶᠢᠴᠠᠭᠠᠭᠳᠠᠭᠰᠠᠨ ᠨᠢᠭᠡᠴᠡ ᠶᠢᠨ  ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠢ ᠬᠡᠵᠦ ᠵᠢᠭᠠᠨ ᠭᠠᠷᠭᠠᠭᠰᠠᠨ ᠤ ᠬᠠᠮᠳᠤ᠂  ᠵᠠᠷᠢᠮ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠪᠠᠨ ᠬᠦᠢᠴᠡᠳᠭᠡᠬᠦ ᠪᠠᠷ ᠬᠦᠷᠦᠯᠴᠡᠬᠦ ᠥᠬᠡᠶ  ᠂ ᠵᠠᠷᠢᠮ ᠰᠠᠯᠠᠭ᠎ᠠ ᠮᠦᠴᠢᠷ  ᠨᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠢᠶᠠᠷ ᠲᠤᠷᠤᠢ᠂ ᠵᠠᠷᠢᠮ ᠰᠠᠯᠠᠭ᠎ᠠ ᠮᠦᠴᠢᠷ ᠨᠢ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ  ᠬᠦᠢᠴᠡᠳᠭᠡᠬᠦ  ᠪᠠᠷ ᠲᠤᠳᠠᠮᠠᠭ ᠪᠠᠶᠢᠭ᠎ᠠ᠂  ᠵᠠᠷᠢᠮ ᠠᠵᠤ ᠠᠬᠤᠶᠢᠯᠠᠯ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ ᠤᠳᠤᠷᠢᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠳᠤᠲᠠᠮᠠᠭ᠂ ᠨᠠᠮ ᠤᠨ ᠵᠣᠬᠢᠶᠠᠨ ᠪᠠᠶᠢᠭᠤᠯᠤᠯᠲᠠ ᠨᠢ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠲᠤᠷᠤᠢ ᠪᠠᠶᠢᠭ᠎ᠠ᠂  ᠵᠠᠷᠢᠮ ᠠᠵᠤ ᠠᠬᠤᠶᠢᠯᠠᠯ ᠨᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ  ᠪᠠᠷ ᠬᠦᠷᠦᠯᠴᠡᠬᠦ ᠥᠬᠡᠶ ᠪᠠᠶᠢᠭ᠎ᠠ᠂ ᠵᠠᠷᠢᠮ ᠠᠵᠤ ᠠᠬᠤᠶᠢᠯᠠᠯ ᠨᠢ ᠨᠠᠮ ᠤᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠴᠢᠩᠭᠠᠳᠬᠠᠬᠤ ᠲᠠᠯ᠎ᠠ ᠪᠠᠷ ᠳᠤᠲᠠᠭᠤᠳᠠᠯ ᠲᠠᠢ ᠪᠠᠶᠢᠭ᠎ᠠ ᠬᠡᠵᠦ ᠣᠷᠤᠰᠢᠵᠤ ᠪᠠᠶᠢᠭ᠎ᠠ ᠠᠰᠠᠭᠤᠳᠠᠯ ᠤᠳ  ᠢ ᠵᠢᠭᠠᠨ ᠭᠠᠷᠭᠠᠪᠠ᠃ ᠬᠠᠷᠢᠭᠤ ᠲᠤᠰᠬᠠᠯ ᠳᠤ᠂  ᠪᠠᠶᠢᠴᠠᠭᠠᠭᠳᠠᠭᠰᠠᠨ ᠰᠠᠯᠠᠭ᠎ᠠ ᠮᠦᠴᠢᠷ ᠪᠠ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ   ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠭᠦᠨᠵᠡᠭᠡᠶ ᠰᠤᠷᠤᠯᠴᠠᠨ ᠲᠤᠤᠱᠯᠠᠭᠤᠯᠵᠤ᠂  ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠢᠭᠤ ᠲᠤᠰᠬᠠᠭᠰᠠᠨ ᠰᠠᠨᠠᠯ ᠲᠠᠢ ᠨᠠᠷᠢᠨ ᠨᠢᠮᠪᠠᠢ ᠬᠠᠷᠢᠴᠠᠭᠤᠯᠤᠨ᠂ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠶ ᠰᠠᠶᠢᠳᠤᠷ ᠠᠳᠬᠤᠬᠤ ᠬᠡᠷᠡᠭᠲᠡᠶ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号