ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠬᠠᠤᠯᠢ ᠭᠡᠷᠡᠭᠵᠢᠬᠦᠯᠬᠦ ᠳᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/6/12
  ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠴᠢᠩᠭᠠᠳᠬᠠᠵᠤ᠂ ᠣᠳᠣ ᠦᠶ᠎ᠡ ᠶᠢᠨ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠡᠰᠡᠭ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ   ᠶᠢ ᠪᠠᠳᠤᠯᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠤᠨ ᠤᠬᠠᠭᠤᠯᠭ᠎ᠠ ᠪᠡ ᠭᠡᠷᠡᠭᠵᠢᠬᠦᠯᠦᠯᠳᠡ ᠶᠢᠨ ᠲᠤᠬᠠᠢ ᠪᠠᠶᠢᠴᠠᠭᠠᠯᠲᠠ ᠬᠢᠵᠡᠢ᠃ 6 ᠰᠠᠷ᠎ᠠ ᠶᠢᠨ 7 ᠤ ᠡᠳᠦᠷ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ ᠤᠨ ᠲᠠᠭᠠᠭᠤᠯᠤᠭᠰᠠᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠣᠶ ᠰᠢᠭᠤᠶ ᠨᠤᠳᠤᠭ ᠪᠡᠯᠴᠢᠭᠡᠷ ᠤᠨ ᠲᠤᠪᠴᠢᠶᠠᠨ ᠤ ᠬᠢᠨ ᠲᠠᠢ ᠬᠠᠮᠳᠤ ᠯᠦᠸᠧ ᠲᠦᠸᠧ ᠱᠠᠨ ᠪᠠᠯᠭᠠᠰᠤ᠂ ᠭᠦᠨᠪᠤᠯᠠᠭ ᠰᠤᠮᠤᠨ ᠳᠤ ᠬᠦᠨᠵᠡᠬᠡᠶᠢᠷᠡᠵᠦ᠂ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠬᠡᠯᠪᠡᠷᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠢ ᠰᠤᠷᠤᠯᠴᠠᠨ ᠤᠬᠠᠭᠤᠯᠤᠭᠰᠠᠨ ᠪᠠᠶᠢᠳᠠᠯ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ ᠬᠠᠤᠯᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠵᠡᠷᠭᠡ ᠶᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠤ ᠵᠠᠰᠠᠭ ᠤᠨ ᠣᠷᠳᠣᠨ ᠤ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ  ᠤᠨ ᠲᠤᠪᠴᠢᠶ᠎ᠠ ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠤ᠂ ᠣᠶ ᠰᠢᠭᠤᠶ ᠨᠤᠳᠤᠭ ᠪᠡᠯᠴᠢᠭᠡᠷ ᠤᠨ ᠲᠤᠪᠴᠢᠶᠠᠨ ᠤ ᠳᠠᠷᠤᠭ᠎ᠠ ᠱᠢ ᠶᠢᠨ ᠢᠦᠶ  ᠠᠴᠠ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠭᠰᠡᠨ ᠪᠦᠭᠡᠳ ᠬᠤᠷᠠᠯ ᠳᠤ ᠣᠷᠣᠯᠴᠠᠭᠰᠠᠳ ᠠᠴᠠ ︽ᠲᠦᠷᠢᠮ︾ ᠢ ᠰᠤᠷᠤᠯᠴᠠᠨ ᠤᠬᠠᠭᠤᠯᠬᠤ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠤᠨ ᠲᠤᠭᠤᠷᠢᠨ ᠳᠤ ᠶᠠᠷᠢᠯᠴᠠᠨ ᠵᠦᠪᠳᠡᠯᠴᠡᠵᠦ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠪᠠᠭᠠᠲᠤᠷ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ︽ᠲᠦᠷᠢᠮ︾ ᠤᠨ ᠰᠤᠷᠤᠯᠴᠠᠯᠭ᠎ᠠ ᠤᠬᠠᠭᠤᠯᠭ᠎ᠠ ᠶᠢ ᠴᠢᠬᠤᠯᠠ ᠪᠠᠶᠢᠷᠢᠨ ᠳᠤ ᠲᠠᠯᠪᠢᠵᠤ᠂ ᠬᠠᠤᠯᠢ ᠶᠣᠰᠣᠭᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠪᠦᠲᠦᠮᠵᠢᠲᠡᠶ ᠬᠡᠷᠡᠭᠵᠢᠭᠦᠯᠬᠦ ᠶᠢ ᠪᠠᠷᠢᠮᠲᠠᠯᠠᠬᠤ ᠬᠡᠷᠡᠭᠲᠡᠶ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠦᠷᠢᠮᠵᠢᠬᠦᠯᠦᠨ᠂ ︽ᠲᠦᠷᠢᠮ︾ ᠢ ᠬᠠᠤᠯᠢ ᠶᠣᠰᠣᠭᠠᠷ ᠭᠡᠷᠡᠭᠵᠢᠬᠦᠯᠵᠦ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号