ᠯᠦᠸᠧ ᠲᠦᠸᠧ ᠱᠠᠨ ᠪᠠᠯᠭᠠᠰᠤ᠄ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠶᠢᠨ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/6/12
 ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ᠂  ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠠ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂  ︽ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠨ ᠤᠬᠠᠭᠤᠯᠭ᠎ᠠ ᠲᠠᠶᠢᠯᠤᠮᠵᠢ ᠬᠢᠵᠦ ᠪᠠᠶᠢᠨ᠎ᠠ᠃ ᠤᠬᠠᠭᠤᠯᠭ᠎ᠠ ᠲᠠᠶᠢᠯᠤᠮᠵᠢ ᠶᠢᠨ ᠬᠤᠷᠠᠯ ᠲᠡᠭᠡᠷ᠎ᠡ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠯᠢᠦ ᠮᠧᠩ ᠷᠦᠢ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠦᠨᠡᠨ ᠪᠤᠳᠠᠳᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂  ᠥᠷᠭᠡᠨ ᠣᠯᠠᠨ ᠺᠠᠳ᠋ᠷ ᠠᠵᠢᠯᠲᠠᠨ ᠢ ᠠᠵᠢᠯ ᠠᠮᠢᠳᠤᠷᠠᠯ ᠤᠨ ᠳᠤᠮᠳᠠ ᠪᠠᠨ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠢᠮᠠᠭᠲᠠ ᠰᠡᠳᠬᠢᠯ ᠳᠡᠭᠡᠨ ᠬᠠᠳᠠᠩᠰᠢᠭᠤᠯᠤᠨ᠂ ᠤᠬᠠᠮᠰᠠᠷ ᠠᠴᠠ ᠪᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠣᠷᠣᠯᠴᠠᠭᠴᠢ᠂ ᠬᠠᠮᠠᠭᠠᠯᠠᠭᠴᠢ ᠪᠠ ᠦᠢᠯᠡᠳᠦᠯᠭᠡᠵᠢᠭᠦᠯᠦᠭᠴᠢ ᠪᠤᠯᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠭᠡᠷᠡᠭᠳᠡᠢ ᠬᠡᠵᠦ ᠤᠷᠢᠶᠠᠯᠠᠪᠠ᠃  ᠳᠠᠷᠠᠭᠠᠴᠢ ᠶᠢᠨ ᠠᠯᠬᠤᠮ ᠳᠤ᠂ ᠯᠦᠸᠧ ᠲᠦᠸᠧ ᠱᠠᠨ ᠪᠠᠯᠭᠠᠰᠤᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ ᠺᠠᠳ᠋ᠷ ᠠᠵᠢᠯᠲᠠᠨ ᠪᠠ ᠣᠯᠠᠨ ᠲᠦᠮᠡᠨ ᠢ ᠳᠠᠶᠢᠴᠢᠯᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠨ᠂ ᠡᠶ᠎ᠡ ᠵᠣᠬᠢᠴᠠᠯ ᠲᠠᠢ ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号