ᠲᠠᠶᠢᠹᠤᠰᠧ ᠬᠤᠰᠢᠭᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/15
 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢ ᠵᠢᠯᠤᠭᠤᠳᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠨ ᠬᠢᠬᠦ ᠬᠢᠷᠢ ᠴᠢᠳᠠᠪᠤᠷᠢ ᠶᠢ ᠨᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 12 ᠤᠨ ᠡᠳᠦᠷ ᠠᠴᠠ ᠲᠠᠶᠢᠹᠤᠰᠧ ᠬᠤᠰᠢᠭᠤ ᠨᠢ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠡᠢ᠃  ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠳᠤ ᠭᠤᠤᠯᠳᠠᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠺᠠᠳ᠋ᠷ ᠤᠨ ᠬᠢᠨᠠᠯᠲᠠ  ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢ ᠪᠠᠭᠲᠠᠭᠠᠵᠤ᠂  ᠲᠤᠰᠬᠠᠶ ᠰᠡᠳᠦᠪᠲᠦ ᠵᠢᠯᠣᠭᠤᠳᠣᠯᠭ᠎ᠠ ᠬᠢᠬᠦ᠂ ᠬᠠᠷᠢᠯᠴᠠᠨ ᠰᠣᠯᠢᠯᠴᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠬᠡᠯᠪᠡᠷᠢ ᠪᠠᠷ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢ ᠵᠢᠯᠤᠭᠤᠳᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂  ᠠᠵᠢᠯ ᠤᠨ ᠬᠢᠷᠢ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂  ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠨ ᠭᠦᠢᠴᠡᠳᠭᠡᠵᠦ ᠠᠵᠤ ᠠᠬᠤᠶ ᠨᠡᠶᠢᠭᠡᠮ ᠤᠨ  ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠪᠡᠶᠡᠯᠡᠬᠦᠯᠬᠦ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠰᠦᠨ ᠵᠠᠨ ᠴᠧᠩ ᠠᠴᠠ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ ᠢ ᠤᠷᠤᠵᠤ᠂  ︽ᠵᠢᠷᠭᠤᠭᠠᠨ ᠦᠬᠦᠯᠡᠪᠦᠷᠢ︾  ᠶᠢᠨ ᠪᠣᠳᠠᠲᠤ ᠶᠠᠪᠤᠳᠠᠯ ᠪᠠ ᠶᠣᠰᠣ ᠵᠦᠢ ᠶᠢᠨ ᠲᠤᠬᠠᠶ ᠨᠠᠷᠢᠨ ᠲᠠᠶᠢᠯᠤᠮᠵᠢ ᠬᠢᠵᠡᠢ᠃  ᠡᠨᠡ ᠤᠳᠠᠭᠠᠨ ᠤ ᠪᠣᠯᠪᠠᠰᠤᠷᠠᠯ ᠤᠨ ᠠᠩᠭᠢ ᠶᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠭᠤᠤᠯᠯᠠᠨ ᠡᠷᠭᠢᠯᠡᠵᠦ᠂ ᠬᠤᠶᠠᠷ ᠬᠤᠭᠤᠴᠠᠭ᠎ᠠ ᠬᠤᠪᠢᠶᠠᠨ᠂ ᠬᠤᠭᠤᠴᠠᠭ᠎ᠠ ᠪᠦᠷᠢ ᠳᠤ ᠭᠤᠷᠪᠠᠨ ᠡᠳᠦᠷ ᠤᠨ ᠬᠢᠴᠢᠶᠡᠯ ᠤᠷᠤᠵᠤ᠂ ᠪᠥᠬᠦ ᠬᠤᠰᠢᠭᠤᠨ ᠤ 176 ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠪᠦᠬᠦᠨ ᠢ ᠤᠷᠤᠯᠴᠠᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号