ᠵᠣᠣ ᠹᠸᠢ ᠫᠧᠩ ᠴᠢᠶᠠᠨ ᠶᠢᠨ ᠭᠸᠦ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/15
 6 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ ᠠᠶᠤᠯᠭᠦᠶ ᠦᠢᠯᠡᠳᠪᠦᠷᠢᠯᠡᠯ ᠵᠢᠴᠢ ᠰᠢ ᠱᠠᠨ ᠫᠦᠸᠧ ᠲᠣᠰᠬᠤᠨ ᠤ ᠭᠠᠯᠲᠤ ᠲᠡᠷᠭᠡᠨ ᠥᠷᠲᠡᠭᠡᠨ ᠤ ᠪᠠᠶᠢᠭᠤᠯᠤᠯᠲᠠ᠂ ᠵᠢᠶᠠᠨ ᠭᠦᠸᠧ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠣᠶᠢᠯᠠᠭᠠᠭᠰᠠᠨ ᠪᠥᠭᠡᠳ ᠳ᠋ᠠ ᠭᠧ ᠳ᠋ᠦᠩ ᠲᠣᠰᠬᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠵᠠᠢ᠃ ᠵᠤᠤ ᠹᠸᠢ ᠫᠧᠩ ᠴᠢᠬᠤᠯᠠᠴᠢᠯᠠᠬᠤ ᠳᠠᠭᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠲᠠᠢ ᠤᠶᠠᠯᠳᠤᠭᠤᠯᠵᠤ᠂ ᠬᠤᠶᠠᠷ  ᠢ ᠠᠳᠬᠤᠬᠤ ᠬᠤᠶᠠᠷ ᠢ ᠠᠬᠢᠭᠤᠯᠬᠤ ᠶᠢ ᠪᠠᠷᠢᠮᠳᠠᠯᠠᠨ᠂ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠳᠠ ᠦᠭᠡᠢ  ᠲᠡᠭᠡᠭᠰᠢᠯᠡᠬᠦᠯᠦᠨ᠂ ᠲᠠᠶᠢᠴᠢᠨ ᠪᠠᠬᠢᠯᠡᠯᠲᠡ ᠶᠢ ᠴᠤᠭᠴᠠᠯᠠᠵᠤ᠂ ᠰᠢᠯᠭᠠᠷᠠᠭᠰᠠᠨ ᠡᠩᠨᠡᠭᠡ ᠶᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠭᠤᠣᠯ ᠰᠢᠵᠢᠮ ᠢ ᠪᠠᠲᠤ  ᠡᠵᠡᠮᠳᠡᠨ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠨ ᠬᠢᠵᠦ᠂ ︽ᠵᠢᠷᠭᠤᠭᠠᠨ ᠢᠨᠵᠧᠨᠧᠷᠢᠩ︾ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠳᠠ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠤᠨᠴᠠᠯᠢᠬᠳᠤ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢᠨ ᠨᠡᠮᠡᠭᠳᠡᠯ ᠪᠠ ᠲᠣᠰᠬᠤᠨ ᠤ ᠠᠷᠠᠳ ᠤᠨ ᠪᠠᠶᠠᠵᠢᠯ ᠴᠢᠨᠡᠭᠡᠯᠢᠭᠵᠢᠯ ᠢ ᠲᠠᠶᠢᠴᠢᠯᠠᠨ᠂  ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠬᠡᠷᠡᠭᠲᠡᠢ ᠭᠡᠪᠡ᠃  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠶᠠ ᠱᠧᠩ᠂ ᠴᠢᠶᠠᠨ ᠶᠢᠨ ᠭᠸᠤ ᠪᠠᠯᠭᠠᠰᠤᠨ ᠤ ᠭᠤᠣᠯ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号