ᠲᠠᠶᠢᠹᠤᠰᠧ ᠬᠤᠰᠢᠭᠤᠨ ᠤ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠱᠠᠨᠳᠦ᠋ᠩ ᠮᠤᠵᠢ ᠶᠢᠨ ᠸᠧᠶ ᠹᠠᠩ ᠬᠤᠳᠠ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/6/15
 ᠥᠨᠳᠥᠷ ᠬᠡᠪ ᠴᠢᠨᠠᠷ ᠲᠠᠢ ᠮᠠᠯᠴᠢᠨ ᠲᠠᠷᠢᠶᠠᠴᠢᠨ ᠢ ᠪᠤᠶᠢᠵᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ᠂ 6 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠲᠠᠶᠢᠹᠤᠰᠧ ᠬᠤᠰᠢᠭᠤ ᠨᠢ ᠱᠠᠨᠳᠦ᠋ᠩ ᠮᠤᠵᠢ ᠶᠢᠨ ᠸᠧᠶ ᠹᠠᠩ ᠬᠤᠳᠠ ᠶᠢᠨ ᠬᠥᠳᠡᠭᠡ ᠲᠣᠰᠬᠤᠨ ᠤ ᠺᠠᠳ᠋ᠷ ᠤᠨ ᠬᠥᠮᠦᠵᠢᠯ ᠤᠨ ᠦᠢᠯᠡᠳᠦᠯᠭᠡ ᠶᠢᠨ ᠲᠥᠪ ᠲᠤ 2023 ᠣᠨ ᠤ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠵᠦ᠂ ᠪᠥᠬᠦ ᠬᠤᠰᠢᠭᠤᠨ ᠤ ᠲᠠᠷᠢᠶᠠᠯᠠᠩ ᠮᠠᠯᠵᠢᠯ ᠤᠨ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂  ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠳᠠᠨ ᠵᠡᠷᠭᠡ 40 ᠭᠠᠷᠤᠶ ᠮᠠᠯᠴᠢᠨ ᠲᠠᠷᠢᠶᠠᠴᠢᠨ ᠪᠣᠯᠪᠠᠰᠤᠷᠠᠯ ᠳᠤ ᠤᠷᠤᠯᠴᠠᠵᠠᠢ᠃ ᠸᠧᠢ ᠹᠠᠩ ᠬᠤᠳᠠ ᠶᠢᠨ ᠬᠥᠳᠡᠭᠡ ᠲᠣᠰᠬᠤᠨ ᠤ ᠺᠠᠳ᠋ᠷ ᠤᠨ ᠬᠥᠮᠦᠵᠢᠯ ᠤᠨ ᠦᠢᠯᠡᠳᠦᠯᠭᠡ ᠶᠢᠨ ᠲᠥᠪ ᠤᠨ ᠨᠠᠮ ᠤᠨ ᠬᠤᠷᠢᠶᠠᠨ ᠤ ᠭᠡᠰᠢᠭᠦᠨ ᠴᠦ᠋ ᠵᠢᠶᠦ᠋ᠨ ᠳ᠋ᠦᠩ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠯᠢᠨ ᠭᠦᠸᠧ ᠳ᠋ᠦᠩ᠂ ᠳᠡᠳ᠋ ᠡᠷᠬᠢᠯᠡᠭᠴᠢ ᠯᠢᠦ ᠫᠧᠩ ᠪᠤᠯᠪᠠᠰᠤᠷᠠᠯ ᠡᠬᠢᠯᠡᠬᠦ ᠶᠣᠰᠣᠯᠠᠯ ᠳᠤ ᠤᠷᠤᠯᠴᠠᠪᠠ᠃ ᠯᠢᠨ ᠭᠦᠸᠧ ᠳ᠋ᠦᠩ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠲᠠᠨᠢᠯᠴᠠᠭᠤᠯᠤᠭᠰᠠᠨ ᠪᠦᠭᠡᠳ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ︵ᠢᠳᠡᠰᠢᠨ ᠨᠣᠭᠤᠭ᠎ᠠ ᠶᠢᠨ ᠬᠦᠯᠡᠮᠵᠢ︶ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠣᠶᠢᠷ᠎ᠠ ᠶᠢᠨ ᠵᠢᠯ ᠳᠠᠬᠢ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ ᠪᠤᠶᠢᠵᠢᠭᠤᠯᠬᠤ ᠲᠠᠯ᠎ᠠ ᠪᠠᠷ ᠣᠯᠤᠭᠰᠠᠨ ᠠᠮᠵᠢᠯᠳᠠ ᠪᠦᠲᠦᠭᠡᠯ ᠢᠶᠠᠨ ᠳ᠋ᠦᠩᠨᠡᠨ ᠡᠷᠬᠢᠴᠡᠬᠦᠯᠵᠡᠢ᠃ ᠡᠨᠡ ᠤᠳᠠᠭᠠᠨ ᠤ ᠪᠤᠯᠪᠠᠰᠤᠷᠠᠯ ᠨᠢ ᠠᠵᠤ ᠦᠢᠯᠡᠰ ᠤᠨ ᠬᠥᠭᠵᠢᠯᠲᠡ ᠪᠠ ᠰᠤᠷᠤᠭᠴᠢᠳ ᠤᠨ  ᠱᠠᠭᠠᠷᠳᠠᠯᠭ᠎ᠠ ᠬᠡᠷᠡᠭᠴᠡᠭᠡ ᠳᠤ ᠨᠡᠶᠢᠴᠡᠬᠦᠯᠦᠨ᠂ ︽ᠣᠨᠣᠯ ᠤᠨ ᠰᠤᠷᠤᠯᠴᠠᠯᠭ᠎ᠠ + ᠠᠬᠤᠢ ᠲᠠᠯᠠᠪᠠᠢ ᠶᠢᠨ ᠬᠢᠴᠢᠶᠡᠯᠯᠡᠭᠡ︾ ᠶᠢᠨ ᠵᠠᠭᠪᠤᠷ ᠢ ᠭᠡᠷᠡᠭᠯᠡᠵᠦ᠂ ᠣᠨᠣᠯ ᠤᠨ ᠰᠤᠷᠤᠯᠴᠠᠯᠭ᠎ᠠ ᠳᠤ ᠱᠸᠦ ᠭᠤᠸᠠᠩ ᠬᠤᠲᠠ ᠶᠢᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠦᠢᠯᠡᠳᠦᠯᠭᠡ ᠶᠢᠨ ᠲᠥᠪ ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠵᠠᠩ ᠭᠦᠸᠧ ᠯᠢᠶᠠᠩ  ᠂ ᠱᠸᠦ ᠭᠤᠸᠠᠩ ᠬᠤᠲᠠ ᠶᠢᠨ ᠬᠦᠳᠡᠭᠡ ᠠᠵᠤ ᠠᠬᠤᠢ ᠬᠥᠳᠡᠭᠡ ᠲᠣᠰᠬᠤᠨ ᠤ  ᠲᠤᠪᠴᠢᠶ᠎ᠠ ᠶᠢᠨ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠯᠢᠦ ᠲᠢᠶᠠᠨ ᠶᠢᠩ ᠠᠴᠠ  ᠲᠤᠰᠬᠠᠶ ᠰᠡᠳᠦᠪᠲᠦ ᠬᠢᠴᠢᠶᠡᠯ ᠲᠠᠶᠢᠯᠤᠮᠵᠢ ᠬᠢᠵᠦ᠂  ᠠᠬᠤᠢ ᠲᠠᠯᠠᠪᠠᠢ ᠶᠢᠨ ᠬᠢᠴᠢᠶᠡᠯᠯᠡᠭᠡ ᠳᠤ ᠱᠧᠦ ᠭᠤᠸᠠᠩ ᠬᠤᠳᠠ ᠶᠢᠨ ᠰᠠᠨ ᠶᠤᠸᠠᠨ ᠵᠦ ᠲᠣᠰᠬᠤᠨ᠂  ᠫᠸᠢ ᠵᠢᠶᠠ ᠯᠢᠩ ᠲᠣᠰᠬᠤᠨ᠂ ᠸᠧᠶ ᠹᠠᠩ ᠬᠤᠳᠠ ᠶᠢᠨ ᠸᠠ ᠯᠢ ᠲᠣᠰᠬᠤᠨ  ᠵᠢᠴᠢ ᠠᠨ ᠴᠢᠦ ᠬᠤᠳᠠ ᠶᠢᠨ ᠸᠧ ᠬᠤᠸᠠ ᠲᠠᠷᠢᠶᠠᠯᠠᠩ ᠤᠨ ᠬᠢᠵᠠᠭᠠᠷᠲᠤ ᠺᠣᠮᠫᠠᠨᠢ ᠵᠡᠷᠭᠡ  ᠠᠵᠤ ᠠᠬᠤᠶᠢᠯᠠᠯ ᠢᠶᠠᠷ ᠲᠤᠭᠤᠷᠢᠨ ᠰᠤᠷᠤᠯᠴᠠᠪᠠ᠃  ᠡᠬᠦᠨ ᠤ ᠬᠠᠮᠳᠤ᠂  ᠦᠳᠡᠰᠢ ᠤᠷᠤᠢ ᠶᠢᠨ ᠴᠠᠭ ᠢ ᠠᠰᠢᠭᠯᠠᠨ ᠪᠠᠷᠢᠮᠳᠠᠳᠤ ᠺᠢᠨᠣ᠋ ᠹᠢᠯᠢᠮ ᠰᠤᠨᠢᠷᠬᠠᠵᠤ᠂ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠬᠦᠨ ᠤ ᠠᠷᠭ᠎ᠠ ᠲᠤᠷᠰᠢᠯᠭ᠎ᠠ ᠶᠢ ᠰᠤᠷᠤᠯᠴᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠶᠢ ᠳᠠᠭᠠᠵᠤ᠂  ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠬᠡᠷᠡᠭᠴᠡᠭᠡ ᠶᠢ ᠤᠶᠢᠯᠠᠭᠠᠨ᠂  ᠮᠠᠯᠴᠢᠨ ᠲᠠᠷᠢᠶᠠᠴᠢᠨ ᠳᠤ ᠰᠤᠯᠢᠯᠴᠠᠭᠠᠨ ᠤ ᠲᠠᠪᠴᠠᠩ ᠢ ᠪᠠᠶᠢᠭᠤᠯᠤᠨ ᠦᠭᠴᠦ᠂ ᠰᠣᠶᠣᠯ ᠲᠠᠢ᠂ ᠮᠡᠷᠭᠡᠵᠢᠯ ᠲᠠᠢ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ ᠶᠢ ᠪᠤᠶᠢᠵᠢᠭᠤᠯᠤᠨ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠭᠰᠠᠨ ᠬᠥᠭᠵᠢᠯᠲᠡ ᠶᠢ ᠲᠦᠷᠭᠡᠳᠬᠡᠬᠦ ᠳᠤ ᠪᠠᠲᠤᠯᠠᠭ᠎ᠠ ᠬᠠᠩᠭᠠᠬᠤ ᠪᠠᠷ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号