ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2024/6/15
 6 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ ᠳ᠋ᠦᠩ ᠬᠠᠶ ᠵᠢᠶᠦ᠋ᠨ ᠵᠡᠷᠭᠡ ᠬᠦᠮᠦᠰ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ᠂ ︽ᠨᠢᠭᠡ ᠦᠷᠳᠡᠭᠡᠨ ᠤ ᠬᠡᠯᠪᠡᠷᠢᠳᠦ︾  ᠵᠥᠷᠢᠴᠡᠯ ᠵᠢᠭᠤᠷᠠᠭᠠᠨ ᠰᠢᠢᠳᠪᠦᠷᠢᠯᠡᠬᠦ ᠲᠥᠪ ᠪᠠ ︽ᠲᠠᠯ᠎ᠠ ᠨᠤᠲᠤᠭ ᠤᠨ ᠹᠧᠩ ᠴᠢᠶᠣᠤ︾ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠶ᠂ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠸᠧᠶ ᠳ᠋ᠦᠩ ᠵᠡᠷᠭᠡ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠵᠥᠷᠢᠴᠡᠯ ᠵᠢᠭᠤᠷᠠᠭᠠᠨ ᠡᠶᠡᠳᠡᠭᠦᠯᠬᠦ ᠲᠠᠰᠤᠭ᠂ ᠠᠯᠤᠰ ᠡᠵᠡᠮᠰᠢᠯᠲᠦ ᠸᠢᠳᠢᠣ᠋ ᠠᠭᠤᠯᠵᠠᠯᠲᠠ ᠶᠢᠨ ᠲᠠᠰᠤᠭ᠂ ᠣᠯᠠᠨ ᠨᠡᠶᠢᠲᠡ ᠶᠢᠨ ᠬᠠᠤᠯᠢ ᠶᠢᠨ ᠦᠢᠯᠡᠴᠢᠯᠡᠭᠡᠨ ᠤ ᠲᠥᠪ᠂ ᠠᠯᠪᠠᠨ ᠭᠡᠷᠡᠴᠢᠯᠡᠭᠡ ᠶᠢᠨ ᠭᠠᠵᠠᠷ ᠤᠨ ᠦᠢᠯᠡᠴᠢᠯᠡᠭᠡᠨ ᠤ ᠲᠢᠩᠬᠢᠮ᠂ ᠪᠣᠤᠴᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠳᠤ ᠬᠦᠷᠴᠦ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠳ᠋ᠦᠩ ᠬᠠᠶ ᠵᠢᠶᠦ᠋ᠨ ᠠᠴᠠ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠠᠵᠢᠯ ᠢ  ᠬᠦᠢᠴᠡᠳ ᠨᠤᠲᠠᠯᠠᠭᠰᠠᠨ ᠪᠥᠭᠡᠳ ︽ᠨᠢᠭᠡ ᠦᠷᠳᠡᠭᠡᠨ ᠤ ᠬᠡᠯᠪᠡᠷᠢᠳᠦ︾  ᠵᠥᠷᠢᠴᠡᠯ ᠵᠢᠭᠤᠷᠠᠭᠠᠨ ᠰᠢᠢᠳᠪᠦᠷᠢᠯᠡᠬᠦ ᠲᠥᠪ ᠪᠠ ︽ᠲᠠᠯ᠎ᠠ ᠨᠤᠲᠤᠭ ᠤᠨ ᠹᠧᠩ ᠴᠢᠶᠣᠤ︾ ᠤᠯᠤᠰ ᠲᠥᠷᠥ ᠬᠠᠤᠯᠢ ᠴᠠᠭᠠᠵᠠ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠪᠠᠨ ᠳᠤᠷᠠᠳᠪᠠ᠃  ᠲᠤᠬᠠᠶᠢᠯᠠᠪᠠᠯ᠂ ᠨᠢᠭᠡ ᠳᠤ ᠡᠶᠡᠳᠡᠬᠦᠯᠬᠡ ᠶᠢᠨ ᠠᠵᠢᠯ ᠢ ᠴᠢᠩᠭᠠᠳᠬᠠᠵᠤ᠂ ᠬᠤᠯᠪᠣᠭᠳᠠᠯ ᠪᠦᠬᠦᠢ ᠨᠥᠬᠦᠪᠥᠷᠢ ᠶᠢᠨ ᠪᠠᠷᠢᠮᠵᠢᠶ᠎ᠠ ᠪᠠ ᠣᠯᠭᠤᠬᠤ ᠲᠣᠭᠲᠠᠭᠠᠯ ᠢ ᠴᠠᠭ ᠲᠤᠬᠠᠶ ᠳᠤᠨᠢ ᠵᠣᠬᠢᠰᠲᠠᠶ ᠲᠤᠬᠢᠷᠠᠭᠤᠯᠤᠨ᠂ ᠨᠥᠬᠦᠪᠥᠷᠢ ᠶᠢ ᠬᠠᠤᠯᠢ ᠲᠦᠷᠢᠮ ᠳᠤ ᠨᠡᠶᠢᠴᠡᠭᠦᠯᠦᠨ ᠰᠠᠶᠢᠲᠤᠷ ᠬᠡᠷᠡᠭᠯᠡᠵᠦ᠂ ᠱᠠᠩᠨᠠᠵᠤ ᠲᠣᠷᠭᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ᠃ ᠬᠤᠶᠠᠷ ᠲᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠤᠯᠢ ᠪᠠᠷ ᠵᠠᠰᠠᠬᠤ ᠠᠵᠢᠯ ᠢ ᠠᠬᠢᠭᠤᠯᠵᠤ᠂  ᠨᠡᠶᠢᠭᠡᠮ ᠤᠨ ᠵᠥᠷᠢᠴᠡᠯ ᠵᠢᠭᠤᠷᠠᠭᠠᠨ ᠢ ᠠᠷᠢᠯᠭᠠᠨ᠂ ᠵᠥᠷᠢᠴᠡᠯ ᠢ ᠦᠨᠳᠦᠰᠦᠨ ᠱᠠᠳᠤᠨ ᠠᠴᠠ ᠭᠠᠷᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠬᠦᠯᠬᠦ ᠭᠡᠷᠡᠭᠳᠡᠢ ᠬᠡᠵᠦ ᠴᠢᠬᠤᠯᠠᠴᠢᠯᠠᠵᠠᠢ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号