ᠶᠢᠨ ᠶᠦᠩ ᠾᠧ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠡᠭᠡᠨ ᠬᠦᠨᠵᠡᠬᠡᠶᠢᠷᠡᠵᠦ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠭᠰᠠᠨ
ᠨᠡᠶᠢᠲᠡᠯᠡᠭᠰᠡᠨ ᠴᠠᠭ᠄
2024/6/15
 ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠤᠤᠯᠳᠠᠯᠭ᠎ᠠ ᠲᠠᠢ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ  ᠪᠡᠶᠡᠯᠡᠬᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ 6 ᠰᠠᠷ᠎ᠠ ᠶᠢᠨ 13 ᠤ ᠡᠳᠦᠷ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠶᠢᠨ ᠶᠦᠩ ᠾᠧ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠤᠯᠬᠤ ᠯᠦᠸᠧ ᠲᠦᠸᠧ ᠱᠠᠨ ᠪᠠᠯᠭᠠᠰᠤᠨ ᠤ ᠾᠸᠢ ᠴᠢᠦᠶ ᠱᠠᠨ ᠲᠣᠰᠬᠤᠨ ᠳᠤ ᠬᠦᠨᠵᠡᠬᠡᠶᠢᠷᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠵᠠᠢ᠃ ᠯᠦᠸᠧ ᠲᠦᠸᠧ ᠱᠠᠨ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠬᠡᠰᠡᠭ ᠲᠣᠰᠬᠤᠨ ᠤ ᠨᠠᠮ ᠤᠨ ᠡᠬᠦᠷ ᠤᠨ ᠱᠦᠵᠢ᠂ ᠾᠸᠢ ᠴᠢᠦᠶ ᠱᠠᠨ ᠲᠣᠰᠬᠤᠨ ᠤ ᠪᠦᠬᠦ ᠨᠠᠮ ᠤᠨ ᠭᠡᠰᠢᠬᠦᠳ ᠲᠤᠰᠬᠠᠶ ᠰᠡᠳᠦᠪᠲᠦ ᠨᠠᠮ ᠤᠨ ᠬᠢᠴᠢᠶᠡᠯ ᠢ ᠰᠤᠨᠤᠰᠪᠠ᠃   ᠶᠢᠨ ᠶᠦᠩ ᠾᠧ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠪᠣᠯᠤᠨ ᠴᠢᠬᠤᠯᠠ ᠵᠤᠷᠪᠤᠰ ᠤᠳ ᠲᠤ ᠨᠠᠷᠢᠨ ᠲᠠᠶᠢᠯᠤᠮᠵᠢ ᠬᠢᠭᠰᠡᠨ ᠤ ᠬᠠᠮᠳᠤ  ᠂ ᠪᠥᠬᠦ ᠨᠠᠮ ᠤᠨ ᠭᠡᠰᠢᠭᠦᠳ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠶ  ᠰᠤᠷᠤᠯᠴᠠᠵᠤ᠂ ᠲᠡᠷᠡ ᠬᠡᠪ ᠢᠶᠠᠷ ᠨᠢ ᠰᠤᠷᠤᠯᠴᠠᠬᠤ᠂  ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠳᠣᠷᠬᠠᠶ   ᠤᠶᠢᠯᠠᠭᠠᠨ᠂ ᠶᠠᠭᠤ ᠶᠢ ᠬᠢᠵᠦ ᠪᠤᠯᠬᠤ ᠶᠠᠭᠤ ᠬᠢᠵᠦ ᠪᠣᠯᠬᠤ ᠥᠬᠡᠶ ᠶᠢ ᠲᠣᠳᠣᠷᠬᠠᠶ ᠣᠶᠢᠯᠠᠭᠠᠵᠤ᠂ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭᠠᠨ ᠤ ᠪᠠᠷᠢᠮᠵᠢᠶ᠎ᠠ ᠶᠢ ᠣᠨᠣᠪᠴᠢᠲᠠᠶ ᠡᠵᠡᠮᠳᠡᠨ᠂ ᠰᠠᠬᠢᠯᠭ᠎ᠠ ᠪᠠᠳᠤ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠤᠳᠠᠭᠠᠨ ᠤ ᠨᠠᠮ ᠤᠨ ᠬᠢᠴᠢᠶᠡᠯ ᠢᠶᠠᠷ ᠲᠠᠮᠵᠢᠭᠠᠳ᠂ ᠪᠥᠬᠦ ᠨᠠᠮ ᠤᠨ ᠭᠡᠰᠢᠭᠦᠳ ᠲᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠤᠨ ᠱᠠᠭᠠᠷᠳᠠᠯᠭ᠎ᠠ ᠶᠢ ᠨᠠᠩ ᠣᠨᠣᠪᠴᠢᠲᠠᠶ ᠡᠵᠡᠮᠰᠢᠬᠦᠯᠦᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾  ᠢ ᠨᠠᠩ ᠭᠦᠨᠵᠡᠭᠡᠶ ᠤᠶᠢᠯᠠᠭᠠᠭᠤᠯᠤᠭᠠᠳ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠴᠢᠩᠭᠠᠳᠬᠠᠵᠤ᠂ ᠰᠡᠷᠭᠡᠶᠢᠯᠡᠯᠳᠡ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠦᠨ᠂ ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠬᠦᠯᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号