ᠴᠡᠪᠡᠷᠯᠡᠭᠡ ᠶᠢᠨ ᠠᠵᠢᠯᠴᠢᠳ ᠲᠤ ᠪᠡᠶ᠎ᠡ ᠶᠢᠨ ᠪᠠᠶᠢᠴᠠᠭᠠᠯᠳᠠ ᠬᠢᠵᠦ ᠦᠭᠬᠦᠯ᠎ᠡ
ᠨᠡᠶᠢᠲᠡᠯᠡᠭᠰᠡᠨ ᠴᠠᠭ᠄
2024/6/15
  6 ᠰᠠᠷ᠎ᠠ ᠶᠢᠨ 12 ᠤᠨ ᠡᠳᠦᠷ᠂ ᠪᠤᠤᠴᠠᠩ ᠪᠠᠯᠭᠠᠰᠤᠨ ᠤ ᠰᠢᠨ ᠬᠤᠸᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠰᠡᠳᠬᠢᠯ ᠲᠤᠯᠠᠭᠠᠴᠠᠭᠤᠯᠤᠭᠰᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠪᠤᠯᠵᠤ ᠪᠠᠶᠢᠯ᠎ᠠ᠃ ᠰᠤᠷᠪᠤᠯᠵᠢᠯᠠᠭᠴᠢ ᠠᠬᠤᠢ ᠲᠠᠯᠠᠪᠠᠢ ᠳᠤ ᠬᠦᠷᠬᠦ ᠳᠤ᠂ ᠡᠮᠴᠢ ᠰᠤᠪᠢᠯᠠᠭᠴᠢ ᠶᠢᠨ ᠬᠦᠯᠢᠴᠡᠩᠭᠦᠢ ᠵᠢᠯᠤᠭᠤᠳᠤᠯᠭ᠎ᠠ ᠳᠣᠣᠷ᠎ᠠ  ᠵᠡᠭᠡᠯᠢ ᠴᠡᠪᠡᠷᠯᠡᠭᠴᠢ ᠠᠵᠢᠯᠴᠢᠳ ᠡᠮᠬᠢ ᠲᠢᠭᠯᠡᠮ ᠲᠠᠢ ᠪᠠᠷ ᠮᠦᠷᠯᠡᠨ ᠵᠢᠬᠰᠠᠭᠠᠳ ᠡᠯ᠎ᠡ ᠲᠦᠷᠦᠯ ᠤᠨ ᠪᠡᠶ᠎ᠡ ᠶᠢᠨ ᠪᠠᠶᠢᠴᠠᠭᠠᠯᠲᠠ ᠬᠢᠯᠬᠡᠵᠦ ᠪᠠᠶᠢᠪᠠ᠃ ᠡᠮᠴᠢ ᠰᠤᠪᠢᠯᠠᠭᠴᠢᠳ ᠠᠴᠠ ᠵᠡᠭᠡᠯᠢ ᠴᠡᠪᠡᠷᠯᠡᠭᠴᠢ ᠨᠠᠷ ᠲᠤ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡ ᠠᠭᠤᠰᠬᠢᠨ ᠤ ᠴᠢᠳᠠᠮᠵᠢ ᠵᠡᠷᠭᠡ ᠣᠯᠠᠨ ᠲᠠᠯ᠎ᠠ ᠶᠢ ᠪᠠᠭᠲᠠᠭᠠᠭᠰᠠᠨ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠳᠤ᠂ ᠬᠦᠮᠦᠨ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠣᠯᠭ᠎ᠠ ᠬᠠᠩᠭᠠᠵᠤ᠂ ᠡᠷᠡᠭᠦᠯ ᠮᠡᠨᠳᠦ ᠶᠢᠨ ᠮᠡᠳᠡᠯᠭᠡ ᠪᠠ ᠠᠮᠢᠳᠤᠷᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠦᠨ᠂   ᠵᠦᠪ ᠰᠠᠶᠢᠬᠠᠨ ᠡᠷᠡᠭᠦᠯ ᠮᠡᠨᠳᠦ ᠶᠢᠨ ᠦᠵᠡᠯᠲᠡ ᠪᠠ ᠠᠮᠢᠳᠤᠷᠠᠯ ᠤᠨ ᠠᠷᠭ᠎ᠠ ᠮᠠᠶ᠋ᠢᠭ ᠢ ᠰᠤᠷᠳᠠᠯᠴᠢᠯᠠᠵᠠᠢ᠃    ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠺᠣᠮᠫᠠᠨᠢ ᠶᠢᠨ ᠬᠠᠷᠢᠭᠤᠴᠠᠯᠭᠠᠳᠠᠨ ᠵᠣᠣ ᠴᠦᠨ ᠰᠢᠶᠠᠩ᠄ ︽ᠰᠢᠨ ᠬᠤᠸᠠ ᠨᠡᠶᠢᠬᠡᠮ ᠲᠤᠭᠤᠷᠢᠭ ᠠᠴᠠ ᠪᠢᠳᠡᠨ ᠳᠤ ᠦᠨ᠎ᠡ ᠲᠦᠯᠦᠪᠦᠷᠢ ᠦᠭᠡᠢ ᠪᠡᠶ᠎ᠡ ᠶᠢᠨ  ᠪᠠᠶᠢᠴᠠᠭᠠᠯᠳᠠ ᠬᠢᠵᠦ ᠦᠭᠬᠦᠭᠰᠡᠨ ᠳᠤ ᠲᠠᠯᠠᠷᠬᠠᠵᠤ ᠪᠠᠶᠢᠨ᠎ᠠ᠂ ᠡᠨᠡ ᠨᠢ ᠮᠠᠨ ᠤ ᠠᠵᠢᠯᠴᠢᠳ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠶᠢ ᠭᠦᠢᠴᠡᠳ ᠬᠠᠷᠠᠭᠤᠯᠤᠯ᠎ᠠ᠃ ᠪᠢᠳᠡ ᠦᠷᠭᠦᠯᠵᠢᠯᠡᠨ ᠴᠢᠷᠮᠠᠶᠢᠨ ᠠᠵᠢᠯᠯᠠᠵᠤ᠂  ᠴᠡᠪᠡᠷ ᠴᠡᠮᠴᠡᠭᠡᠷ ᠬᠤᠳᠠ ᠪᠠᠯᠭᠠᠰᠤᠨ ᠤ ᠪᠠᠨ ᠪᠠᠶᠢᠭᠤᠯᠤᠯᠳᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾᠃    ᠰᠢᠨ ᠬᠤᠸᠠ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠡᠮᠴᠢ ᠸᠠᠩ ᠷᠦᠨ ᠰᠢᠶᠠ᠄ ︽ ᠴᠡᠪᠡᠷᠯᠡᠭᠡ ᠶᠢᠨ ᠠᠵᠢᠯᠴᠢᠳ ᠬᠠᠬᠢᠷ ᠡᠪᠦᠯ  ᠬᠠᠯᠠᠭᠤᠨ ᠵᠤᠨ ᠬᠡᠵᠦ ᠢᠯᠭᠠᠯ ᠦᠬᠡᠢ  ᠪᠤᠵᠠᠷ ᠪᠤᠷᠲᠠᠭ ᠶᠠᠳᠠᠷᠠᠯ ᠵᠦᠳᠡᠷᠡᠯ ᠠᠴᠠ ᠬᠠᠯᠠᠰᠢᠷᠠᠯ ᠦᠭᠡᠢ ᠪᠠᠷ ᠴᠢᠷᠮᠠᠶᠢᠨ ᠠᠵᠢᠯᠯᠠᠵᠤ᠂  ᠪᠢᠳᠡᠨ ᠳᠤ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠬᠦᠳᠦᠨ ᠦᠭᠴᠦ ᠪᠠᠶᠢᠭ᠎ᠠ ᠨᠢ ᠪᠢᠰᠢᠷᠡᠨ  ᠬᠦᠨᠳᠦᠳᠬᠡᠭᠦᠰᠢᠲᠡᠢ᠃ ᠮᠠᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠲᠡᠩᠴᠡᠭᠦᠷᠢᠰᠢᠭᠦᠯᠵᠦ᠂ ᠡᠷᠡᠭᠦᠯ ᠮᠡᠨᠳᠦ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ ᠵᠠᠷᠴᠢᠮ ᠢ ᠪᠠᠷᠢᠮᠲᠠᠯᠠᠨ᠂  ᠨᠢᠭᠡᠳᠦᠭᠡᠷ ᠹᠷᠣᠨᠲ ᠤᠨ ᠴᠡᠪᠡᠷᠯᠡᠭᠡ ᠶᠢᠨ ᠠᠵᠢᠯᠳᠠᠳ ᠲᠤ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠤ ᠬᠦᠨᠳᠦᠳᠬᠡᠯ ᠲᠠᠯᠠᠷᠬᠠᠯ ᠢᠶᠠᠨ  ᠢᠯᠡᠷᠭᠡᠶᠢᠯᠡᠭᠰᠡᠨ ᠶᠤᠮ︾᠃    ᠣᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠯᠠᠭ᠎ᠠ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂  ᠪᠥᠬᠦ ᠬᠤᠰᠢᠭᠤᠨ ᠤ 200 ᠭᠠᠷᠤᠶ ᠵᠡᠬᠡᠯᠢ ᠴᠡᠪᠡᠷᠯᠡᠭᠴᠢ ᠳᠤ ᠦᠨ᠎ᠡ ᠲᠦᠯᠦᠪᠦᠷᠢ ᠥᠬᠡᠶ ᠪᠡᠶ᠎ᠡ ᠶᠢᠨ ᠪᠠᠶᠢᠴᠠᠭᠠᠯᠲᠠ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃  ᠡᠨᠡ ᠤᠳᠠᠭᠠᠨ ᠤ ᠠᠵᠢᠯᠯᠠᠭ᠎ᠠ ᠨᠢ ᠴᠡᠪᠡᠷᠯᠡᠭᠡ ᠶᠢᠨ ᠠᠵᠢᠯᠴᠢᠳ ᠲᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂  ᠨᠡᠶᠢᠭᠡᠮ ᠨᠡᠶᠢᠳᠡ ᠨᠡᠶᠢᠳᠡ ᠪᠠᠷ ᠢᠶᠠᠨ ᠴᠡᠪᠡᠷᠯᠡᠭᠡ ᠶᠢᠨ ᠠᠵᠢᠯᠴᠢᠨ ᠢ ᠬᠦᠨᠳᠦᠳᠬᠡᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号