ᠶᠦᠩ ᠹᠧᠩ ᠪᠠᠯᠭᠠᠰᠤ᠄  ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠬᠢᠨ ᠬᠢᠶᠠᠭ ᠡᠪᠡᠰᠦ ᠲᠠᠷᠢᠬᠤ ᠲᠦᠷᠦᠯ ᠵᠦᠢᠯ ᠤᠨ ᠲᠤᠬᠠᠢ ᠶᠠᠷᠢᠯᠴᠠᠭᠰᠠᠨ
ᠨᠡᠶᠢᠲᠡᠯᠡᠭᠰᠡᠨ ᠴᠠᠭ᠄
2024/6/16
 ᠬᠠᠪᠰᠤᠷᠤᠨ ᠲᠡᠳᠬᠦᠬᠦ ᠠᠵᠢᠯ ᠢ ᠤᠯᠠᠮ ᠰᠠᠶᠢᠨ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂  ᠤᠶᠢᠷ᠎ᠠ ᠳᠤ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ  ᠳᠡᠳ᠋ ᠲᠣᠪᠴᠢᠶᠠᠨ ᠳᠠᠷᠤᠭ᠎ᠠ ᠰᠢᠤᠢ ᠪᠢᠨ ᠵᠡᠷᠭᠡ ᠬᠦᠮᠦᠰ ᠶᠦᠩ ᠹᠧᠩ ᠪᠠᠯᠭᠠᠰᠤᠨ ᠤ ᠰᠠᠨ ᠶᠦᠩ ᠲᠣᠰᠬᠤᠨ ᠳᠤ ᠬᠦᠨᠵᠡᠬᠡᠶᠢᠷᠡᠵᠦ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠶᠦᠩ ᠯᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠸᠠᠩ ᠵᠢᠶᠦ᠋ᠨ ᠱᠧᠩ᠂ ᠰᠠᠨ ᠶᠦᠩ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠤᠷᠤᠯᠴᠠᠵᠠᠢ᠃  ᠬᠤᠷᠠᠯ ᠲᠡᠭᠡᠷ᠎ᠡ ᠭᠤᠤᠯᠳᠠᠭᠤ ᠰᠠᠨ ᠶᠦᠩ ᠲᠣᠰᠬᠤᠨ ᠤ ᠣᠶᠢᠲᠤ ᠭᠠᠵᠠᠷ ᠲᠤ ᠬᠢᠶᠠᠭ ᠡᠪᠡᠰᠦ ᠲᠠᠷᠢᠬᠤ ᠲᠦᠷᠦᠯ ᠵᠦᠢᠯ ᠤᠨ ᠲᠤᠬᠠᠢ ᠶᠠᠷᠢᠯᠴᠠᠭᠰᠠᠨ ᠪᠠᠶᠢᠨ᠎ᠠ᠃ ᠲᠣᠰ ᠲᠥᠷᠥᠯ ᠵᠦᠢᠯ ᠪᠤᠯ ᠥᠪᠥᠷ ᠮᠣᠩᠭᠤᠯ ᠤᠨ ᠰᠧᠩ ᠴᠢᠶᠠ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠬᠡᠷᠡᠭᠵᠢᠭᠦᠯᠵᠦ᠂ ᠰᠠᠨ ᠶᠦᠩ ᠲᠣᠰᠬᠤᠨ ᠤ ᠲᠠᠷᠢᠶᠠᠯᠠᠭ᠎ᠠ ᠶᠢ ᠵᠣᠭᠰᠣᠭᠠᠵᠤ ᠣᠶ ᠮᠤᠳᠤ ᠶᠢ ᠰᠡᠷᠭᠦᠭᠡᠬᠦ ᠤᠷᠤᠨ ᠳᠤ ᠬᠢᠶᠠᠭ ᠡᠪᠡᠰᠦ ᠳᠠᠷᠢᠬᠤ ᠲᠦᠷᠦᠯ ᠵᠦᠢᠯ ᠪᠤᠯᠤᠨ᠎ᠠ᠃  ᠠᠵᠤ ᠠᠬᠤᠶᠢᠯᠠᠯ ᠠᠴᠠ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨᠴᠢ ᠲᠠᠷᠢᠶᠠᠯᠠᠭ᠎ᠠ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠳᠡᠮᠵᠢᠯᠭᠡ ᠪᠠ ᠦᠢᠯᠡᠴᠢᠯᠡᠭᠡ ᠬᠠᠩᠭᠠᠵᠤ᠂ ᠬᠤᠷᠢᠶᠠᠭᠰᠠᠨ ᠡᠪᠡᠰᠦ ᠪᠣᠷᠳᠤᠭ᠎ᠠ᠂ ᠡᠪᠡᠰᠦᠨ ᠤ ᠦᠷ᠎ᠡ ᠵᠡᠷᠭᠡ ᠶᠢᠨ ᠠᠰᠢᠭ ᠣᠷᠣᠯᠭ᠎ᠠ ᠶᠢ ᠲᠣᠰᠬᠤᠨ ᠤ ᠠᠷᠠᠳ  ᠲᠤ ᠬᠤᠪᠢᠶᠠᠨ᠎ᠠ᠃ ᠡᠭᠦᠨ ᠤ ᠬᠠᠮᠲᠤ᠂ ᠲᠣᠰᠬᠤᠨ ᠤ ᠠᠷᠠᠳ ᠨᠢ ᠠᠵᠤ ᠠᠬᠤᠶᠢᠯᠠᠯ ᠠᠴᠠ ᠡᠪᠡᠰᠦ ᠪᠣᠷᠳᠤᠭ᠎ᠠ ᠵᠡᠷᠭᠡ  ᠶᠢ ᠬᠢᠮᠳᠠ ᠦᠨ᠎ᠡ ᠪᠠᠷ ᠬᠤᠳᠠᠯᠳᠤᠨ ᠠᠪᠴᠤ ᠲᠡᠶᠢᠯᠦᠨ᠎ᠡ᠃ ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠰᠠᠨ ᠶᠦᠩ ᠲᠣᠰᠬᠤᠨ ᠤ ᠮᠠᠯᠵᠢᠯ ᠤᠨ ᠬᠠᠮᠢᠶᠠᠷᠤᠯᠲᠠ ᠶᠢ ᠨᠠᠩ   ᠲᠦᠷᠢᠮᠵᠢᠬᠦᠨ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠦᠲᠦᠮᠵᠢᠲᠡᠶ ᠶᠠᠪᠤᠭᠳᠠᠬᠤ ᠶᠢ ᠠᠬᠢᠭᠤᠯᠤᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠵᠡᠷᠭᠡᠪᠡᠷ ᠪᠡᠶᠡᠯᠡᠬᠦᠯᠦᠨ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠠ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号