ᠬᠦᠨᠪᠣᠯᠠᠭ ᠲᠠᠬᠢ ᠲᠢᠶᠠᠨᠵᠢᠨ ᠤ ᠲᠦᠩ ᠾᠧ ᠰᠢᠮᠡᠳᠦ ᠪᠤᠷᠳᠤᠭ᠎ᠠ ᠦᠢᠯᠡᠳᠪᠦᠷᠢᠯᠡᠬᠦ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/16
 6 ᠰᠠᠷ᠎ᠠ ᠶᠢᠨ 13 ᠤ ᠡᠳᠦᠷ᠂ ᠭᠦᠨᠪᠤᠯᠠᠭ ᠲᠠᠬᠢ ᠲᠢᠶᠠᠨᠵᠢᠨ ᠤ ᠲᠦᠩ ᠾᠧ ᠰᠢᠮᠡᠳᠦ ᠪᠤᠷᠳᠤᠭ᠎ᠠ ᠦᠢᠯᠡᠳᠪᠦᠷᠢᠯᠡᠬᠦ ᠰᠠᠭᠤᠷᠢᠨ ᠭᠠᠵᠠᠷ ᠵᠢᠩᠬᠢᠨᠢ ᠪᠠᠷ ᠠᠵᠢᠯ ᠡᠬᠢᠯᠡᠵᠦ᠂ ᠲᠢᠶᠠᠨᠵᠢᠨ ᠬᠤᠲᠠ ᠶᠢᠨ ᠪᠦᠦ ᠳ᠋ᠢ ᠲᠣᠭᠤᠷᠢᠭ ᠤᠨ ᠨᠢᠤ ᠵᠢᠶᠠ  ᠫᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠢᠶᠠᠩ ᠵᠣᠣ ᠬᠠᠶ᠂  ᠲᠠᠶᠢᠹᠤᠰᠧ ᠬᠤᠰᠢᠭᠤᠨ ᠤ ᠳᠡᠳ᠋ ᠬᠤᠰᠢᠭᠤ ᠳᠠᠷᠤᠭ᠎ᠠ ᠯᠢ ᠵᠠᠨ ᠪᠦᠦ ᠵᠢᠴᠢ ᠲᠢᠶᠠᠨᠵᠢᠨ ᠬᠤᠲᠠ ᠶᠢᠨ ᠪᠦᠦ ᠳ᠋ᠢ ᠲᠣᠭᠤᠷᠢᠭ ᠤᠨ ᠨᠢᠤ ᠵᠢᠶᠠ ᠫᠠᠢ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠢᠶᠠᠨᠵᠢᠨ ᠤ ᠲᠦᠩ ᠾᠧ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂  ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠭᠦᠨᠪᠤᠯᠠᠭ ᠰᠤᠮᠤᠨ ᠤ ᠭᠤᠤᠯ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠭᠦᠨᠪᠤᠯᠠᠭ ᠲᠠᠬᠢ ᠲᠢᠶᠠᠨᠵᠢᠨ ᠤ ᠲᠦᠩ ᠾᠧ ᠰᠢᠮᠡᠳᠦ ᠪᠤᠷᠳᠤᠭ᠎ᠠ ᠦᠢᠯᠡᠳᠪᠦᠷᠢᠯᠡᠬᠦ ᠰᠠᠭᠤᠷᠢᠨ ᠭᠠᠵᠠᠷ ᠨᠢ ᠬᠦᠨᠪᠤᠯᠠᠭ ᠰᠤᠮᠤᠨ ᠤ ᠰᠢᠨᠡᠪᠤᠯᠠᠭ ᠭᠠᠴᠠᠭ᠎ᠠ ᠳᠤ ᠪᠠᠶᠢᠷᠢᠯᠠᠵᠤ ᠪᠤᠢ᠂ ᠶᠡᠷᠦᠩᠬᠡᠢ ᠲᠠᠯᠠᠪᠠᠢ ᠨᠢ 20 ᠮᠦ᠂ ᠰᠠᠭᠤᠷᠢᠨ ᠭᠠᠵᠠᠷ  ᠢ ᠪᠠᠶᠢᠭᠤᠯᠬᠤ ᠳᠤ 1300 ᠲᠦᠮᠡᠨ ᠲᠥᠭᠦᠷᠢᠭ ᠤᠨ ᠪᠡᠯᠡ ᠤᠷᠤᠭᠤᠯᠵᠠᠢ᠂  ᠲᠡᠵᠢᠬᠡᠯ  ᠪᠣᠷᠳᠤᠭ᠎ᠠ ᠪᠣᠯᠪᠠᠰᠤᠷᠠᠭᠤᠯᠬᠤ  ᠲᠡᠷᠢᠬᠦᠨ ᠤ ᠲᠥᠬᠦᠭᠡᠷᠦᠮᠵᠢ ᠪᠠ ᠮᠡᠷᠭᠡᠵᠢᠯ ᠲᠠᠢ ᠪᠠᠶᠢᠵᠤ᠂ ᠡᠳᠦᠷ ᠲᠤ ᠪᠠᠷᠤᠭ 350 ᠲᠣᠨ ᠪᠤᠷᠳᠤᠭ᠎ᠠ ᠦᠢᠯᠡᠳᠪᠦᠷᠢᠯᠡᠬᠦ ᠴᠢᠳᠠᠮᠵᠢ ᠶᠢ ᠪᠦᠷᠢᠯᠳᠦᠬᠦᠯᠦᠭᠰᠡᠨ ᠪᠠᠶᠢᠨ᠎ᠠ᠃  ᠲᠤᠰ  ᠰᠠᠭᠤᠷᠢᠨ ᠭᠠᠵᠠᠷ ᠪᠤᠯ ᠲᠡᠵᠢᠬᠡᠯ ᠪᠣᠷᠳᠤᠭ᠎ᠠ ᠦᠢᠯᠡᠳᠪᠦᠷᠢᠯᠡᠬᠦ ᠪᠠᠷ ᠭᠤᠤᠯ ᠪᠣᠯᠭᠠᠵᠤ᠂ ︽ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ︾  ᠪᠠ ︽ᠬᠠᠮᠲᠤᠷᠠᠨ ᠰᠤᠳᠤᠯᠤᠨ ᠨᠡᠭᠡᠭᠡᠬᠦ︾ ᠬᠡᠯᠪᠡᠷᠢ ᠪᠠᠷ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ  ᠠᠷᠠᠴᠢᠯᠠᠭ᠎ᠠ ᠮᠠᠯᠵᠢᠯᠭ᠎ᠠ ᠶᠢᠨ ᠬᠡᠷᠡᠭᠴᠡᠭᠡ ᠶᠢ ᠦᠨᠳᠦᠰᠦᠯᠡᠨ TMR ᠠᠷᠠᠴᠢᠯᠠᠨ ᠮᠠᠯᠵᠢᠬᠤ ᠲᠡᠷᠢᠬᠦᠨ ᠤ ᠮᠡᠷᠭᠡᠵᠢᠯ ᠢ ᠬᠥᠭᠵᠢᠭᠦᠯᠵᠦ᠂ ᠲᠡᠵᠢᠭᠡᠯ ᠡᠪᠡᠰᠦ ᠪᠤᠷᠳᠤᠭᠠᠨ ᠤ ᠬᠠᠩᠭᠠᠯᠭ᠎ᠠ ᠶᠢ ᠳᠡᠭᠡᠭᠰᠢᠯᠡᠭᠦᠯᠬᠦ ᠪᠠ ᠮᠢᠬᠠᠨ ᠤ ᠭᠠᠷᠤᠯᠳᠠ ᠶᠢ ᠨᠡᠮᠡᠭᠳᠡᠬᠦᠯᠬᠦ ᠬᠠᠷᠠᠯᠲᠠ ᠶᠢ ᠪᠡᠶᠡᠯᠡᠬᠦᠯᠦᠨ᠂ ᠡᠪᠡᠰᠦ ᠪᠣᠷᠳᠤᠭ᠎ᠠ ᠠᠷᠠᠯᠵᠢᠶᠠᠯᠠᠬᠤ᠂ ᠡᠪᠡᠰᠦ ᠪᠣᠷᠳᠤᠭ᠎ᠠ  ᠦᠢᠯᠡᠳᠪᠦᠷᠢᠯᠡᠬᠦ ᠪᠠ ᠳᠣᠭᠢᠷᠠᠭᠤᠯᠤᠨ ᠬᠦᠷᠭᠡᠬᠦ᠂ ᠣᠶᠤᠨᠴᠢ ᠲᠠᠪᠴᠠᠩ   ᠤᠨ ᠪᠠᠶᠢᠭᠤᠯᠤᠯᠳᠠ᠂ ᠮᠡᠷᠭᠡᠵᠢᠯ ᠤᠨ ᠦᠢᠯᠡᠴᠢᠯᠡᠭᠡ ᠪᠠ ᠮᠠᠯ ᠡᠮᠨᠡᠯᠭᠡ ᠶᠢᠨ ᠦᠢᠯᠡᠴᠢᠯᠡᠭᠡ᠂ ᠮᠡᠷᠭᠡᠵᠢᠯ ᠤᠨ ᠰᠤᠷᠤᠯᠴᠠᠯᠭ᠎ᠠ ᠪᠣᠯᠪᠠᠰᠤᠷᠠᠯ  ᠵᠡᠷᠭᠡ ᠶᠢ ᠬᠠᠮᠤᠷᠤᠭᠰᠠᠨ ᠶᠡᠷᠦᠩᠬᠡᠶᠢᠯᠡᠭᠰᠡᠨ ᠴᠢᠨᠠᠷᠲᠠᠶ  ᠰᠠᠭᠤᠷᠢᠨ ᠭᠠᠵᠠᠷ ᠪᠤᠯᠤᠨ᠎ᠠ᠃  ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠮᠠᠯᠴᠢᠳ ᠤᠨ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠳᠥᠭᠦᠮ ᠦᠵᠡᠬᠦᠯᠬᠦ ᠪᠠᠷ ᠪᠠᠷᠠᠬᠤ ᠥᠬᠡᠶ᠂  ᠭᠦᠨᠪᠤᠯᠠᠭ ᠰᠤᠮᠤᠨ ᠤ ᠣᠳᠣᠬᠢᠴᠢᠯᠠᠭᠰᠠᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠡᠪᠡᠰᠦ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号