6 ᠰᠠᠷ᠎ᠠ ᠶᠢᠨ 14 ᠤ ᠡᠳᠦᠷ᠂ ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠤᠯ ᠲᠤᠭᠤᠶᠢᠯᠠᠩ ᠨᠢ 2024 ᠣᠨ ᠤ ᠵᠢᠷᠭᠤᠳᠤᠭᠠᠷ ᠤᠳᠠᠭ᠎ᠠ ᠶᠢᠨ ᠬᠠᠮᠳᠤ ᠶᠢᠨ | ᠰᠤᠷᠤᠯᠴᠠᠯᠭ᠎ᠠ ᠶᠢ ᠬᠢᠵᠦ᠂ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠬᠢᠯᠡᠨ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ ︽ᠲᠠᠶᠢᠹᠤᠰᠧ ᠬᠤᠰᠢᠭᠤ ᠶᠢ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ︾ ᠪᠣᠯᠤᠨ ᠯᠦᠸᠧ ᠵᠢᠶᠦ᠋ᠨ ᠶᠤᠸᠠᠨ ᠨᠥᠬᠦᠷ ᠤᠨ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠵᠢᠴᠢ ᠵᠣᠣ ᠬᠤᠢ ᠨᠥᠬᠦᠷ ᠤᠨ ᠣᠪᠣᠷ ᠢᠶᠠᠨ ᠢᠯᠡᠳᠬᠡᠬᠦ | ᠦᠭᠡ᠂ ᠵᠣᠣ ᠹᠸᠢ ᠫᠧᠩ ᠨᠥᠬᠦᠷ ᠤᠨ ᠣᠪᠣᠷ ᠢᠶᠠᠨ ᠢᠯᠡᠳᠬᠡᠬᠦ ᠦᠭᠡ ᠂ ︽ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠳᠦᠷᠢᠮ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠠᠵᠢᠯ ᠤᠨ ᠳᠦᠷᠢᠮ︾ ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ᠤᠨ ᠠᠭᠤᠯᠭ᠎ᠠ ᠶᠢ ᠳᠠᠭᠠᠭᠤᠯᠤᠨ | ᠰᠤᠷᠤᠯᠴᠠᠪᠠ᠃ ᠬᠤᠷᠠᠯ ᠠᠴᠠ᠂ ᠨᠢᠭᠡ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠳᠠᠯᠠᠨ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃ ᠬᠤᠶᠠᠷ ᠲᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ | ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠠᠷᠢᠭᠤ ᠲᠤᠰᠬᠠᠭᠰᠠᠨ ᠰᠠᠨᠠᠯ ᠲᠠᠢ ᠬᠠᠷᠭᠤᠭᠤᠯᠤᠨ᠂ ᠠᠰᠠᠭᠤᠳᠠᠯ ᠤᠨ ᠨᠠᠷᠢᠨ ᠲᠠᠩᠰᠠ᠂ | ᠡᠭᠦᠷᠭᠡ ᠶᠢᠨ ᠨᠠᠷᠢᠨ ᠲᠠᠩᠰᠠ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ | ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ ᠢ ᠠᠩᠬᠠᠷᠤᠨ᠂ ᠭᠦᠨᠵᠡᠭᠡᠢ | ᠪᠣᠳᠠᠲᠠᠢ ᠨᠠᠷᠢᠯᠢᠭ ᠬᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ᠂ ᠠᠯᠳᠠᠭ᠎ᠠ ᠪᠤᠷᠤᠭᠤ ᠶᠢ ᠲᠠᠷᠤᠢ | ᠲᠦᠷᠭᠡᠨ ᠵᠠᠯᠠᠷᠠᠭᠤᠯᠵᠤ᠂ ᠴᠢᠩᠭ᠎ᠠ ᠬᠦᠭ ᠠᠶᠠᠰ ᠢ ᠦᠷᠭᠦᠯᠵᠢᠯᠡᠨ ᠪᠠᠷᠢᠮᠲᠠᠯᠠᠬᠤ ᠬᠡᠷᠡᠭᠲᠡᠢ ᠬᠡᠵᠦ ᠱᠠᠭᠠᠷᠳᠠᠭᠰᠠᠨ | ᠪᠠᠶᠢᠨ᠎ᠠ᠃ |