ᠨᠢᠭᠡ᠂ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠪᠣᠯ ᠶᠡᠭᠡ ᠬᠤᠷᠠᠯ ᠲᠡᠭᠦᠰᠦᠭᠰᠡᠨ | ᠬᠤᠭᠤᠴᠠᠭᠠᠨ ᠳᠤ ᠲᠥᠯᠥᠭᠡᠯᠡᠭᠴᠢᠳ ᠤᠨ ᠬᠦᠳᠡᠯᠪᠦᠷᠢ ᠠᠵᠢᠯᠯᠠᠭ᠎ᠠ᠂ ᠰᠤᠷᠤᠯᠴᠠᠯᠭ᠎ᠠ ᠪᠤᠯᠪᠠᠰᠤᠷᠠᠯ ᠪᠠ | ᠲᠥᠯᠥᠭᠡᠯᠡᠭᠴᠢ ᠶᠢᠨ ᠠᠵᠢᠯ ᠢ ᠰᠤᠳᠤᠯᠬᠤ᠂ ᠬᠠᠷᠢᠯᠴᠠᠨ ᠨᠡᠪᠲᠡᠷᠡᠯᠴᠡᠵᠦ ᠰᠣᠯᠢᠯᠴᠠᠬᠤ ᠲᠠᠪᠴᠠᠩ᠂ | ᠰᠤᠩᠭᠤᠭᠤᠯᠢ ᠶᠢᠨ ᠠᠷᠠᠳ ᠲᠠᠢ ᠬᠠᠷᠢᠯᠴᠠᠨ ᠨᠡᠪᠳᠡᠷᠡᠯᠴᠡᠵᠦ ᠰᠤᠯᠢᠯᠴᠠᠬᠤ ᠲᠠᠪᠴᠠᠩ᠂ ᠦᠨᠳᠦᠰᠦᠨ ᠱᠠᠲᠤᠨ ᠤ ᠨᠠᠮ | ᠵᠠᠰᠠᠭ ᠤᠨ ᠪᠠᠶᠢᠭᠤᠯᠭ᠎ᠠ᠂ ᠣᠯᠠᠨ ᠲᠦᠮᠡᠨᠴᠢ ᠴᠢᠨᠠᠷᠳᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠯᠤᠭ᠎ᠠ | ᠬᠠᠷᠢᠯᠴᠠᠨ ᠨᠡᠪᠳᠡᠷᠡᠯᠴᠡᠵᠦ ᠣᠶᠢᠯᠠᠭᠠᠯᠴᠠᠬᠤ ᠲᠠᠪᠴᠠᠩ ᠪᠤᠯᠤᠨ᠎ᠠ᠃ | ᠬᠤᠶᠠᠷ᠂ ᠲᠤᠰ ᠰᠣᠩᠭᠤᠭᠤᠯᠢ ᠶᠢᠨ ᠲᠣᠭᠤᠷᠢᠭ ᠤᠨ ᠢᠶᠠᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠶᠢ | ᠵᠣᠬᠢᠶᠠᠨ ᠪᠠᠶᠢᠭᠤᠯᠵᠤ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠶᠢᠨ ᠵᠣᠬᠢᠶᠠᠨ | ᠪᠠᠶᠢᠭᠤᠯᠤᠭᠰᠠᠨ ᠠᠵᠢᠯᠯᠠᠭ᠎ᠠ ᠳᠤ ᠣᠷᠣᠯᠴᠠᠭᠤᠯᠤᠨ᠎ᠠ᠃ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ | ᠦᠷᠳᠡᠭᠡ︾ ᠶᠢᠨ ᠠᠵᠢᠯᠯᠠᠭ᠎ᠠ ᠶᠢ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠭᠤᠤᠯᠯᠠᠨ ᠠᠳᠬᠤᠵᠤ᠂ ᠭᠠᠴᠠᠭ᠎ᠠ ᠲᠤᠰᠬᠤᠨ ᠤ ᠨᠠᠮ ᠤᠨ ᠡᠭᠦᠷ | ᠪᠣᠳᠠᠲᠠᠶ ᠬᠠᠷᠢᠭᠤᠴᠠᠨ᠎ᠠ᠃ | ᠭᠤᠷᠪᠠ᠂ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠶᠢᠨ ᠠᠵᠢᠯᠯᠠᠭᠠᠨ ᠤ ᠠᠭᠤᠯᠭ᠎ᠠ᠄ ︵ | ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠲᠦᠷᠢᠮ | ᠲᠣᠭᠲᠠᠭᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶᠠᠨ ᠤ | ᠰᠢᠢᠳᠪᠦᠷᠢ ᠲᠣᠭᠲᠠᠭᠠᠯ ᠢ ᠰᠤᠷᠤᠯᠴᠠᠵᠤ᠂ ᠴᠠᠭ ᠤᠨ ᠪᠠᠶᠢᠳᠠᠯ ᠤᠯᠤᠰ ᠲᠥᠷᠥ ᠶᠢ ᠰᠤᠷᠤᠯᠴᠠᠵᠤ᠂ | ᠲᠥᠯᠥᠭᠡᠯᠡᠭᠴᠢᠳ ᠤᠨ ᠤᠯᠤᠰ ᠲᠥᠷᠥ᠂ ᠬᠠᠤᠯᠢ ᠴᠠᠭᠠᠵᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ | ᠴᠢᠩᠭᠠᠳᠬᠠᠨ᠎ᠠ᠃ ︵ᠬᠤᠶᠠᠷ︶ ᠰᠤᠩᠭᠤᠭᠤᠯᠢ ᠶᠢᠨ ᠠᠷᠠᠳ ᠪᠤᠯᠤᠨ ᠠᠷᠠᠳ ᠤᠯᠠᠨ ᠲᠠᠢ ᠨᠢᠭᠳᠠ ᠬᠠᠷᠢᠯᠴᠠᠵᠤ᠂ | ᠲᠦᠯᠦᠭᠡᠯᠡᠭᠴᠢ ᠨᠢᠬᠡᠪᠦᠷᠢ ᠵᠢᠯ ᠳᠤ ᠠᠳᠠᠭ ᠲᠠᠭᠠᠨ 3 ᠰᠤᠩᠭᠤᠭᠤᠯᠢ ᠶᠢᠨ ᠠᠷᠠᠳ ᠲᠠᠢ ᠲᠤᠭᠳᠠᠮᠠᠯ ᠬᠠᠷᠢᠯᠴᠠᠭ᠎ᠠ | ᠪᠠᠶᠢᠭᠤᠯᠵᠤ ᠂ ᠠᠷᠠᠳ ᠤᠨ ᠲᠥᠯᠥᠭᠡᠯᠡᠭᠴᠢ ᠶᠢᠨ ᠬᠦᠯᠢᠶᠡᠨ ᠠᠪᠬᠤ ᠡᠳᠦᠷ ᠤᠨ ᠠᠵᠢᠯᠯᠠᠭ᠎ᠠ ᠶᠢ ᠠᠮᠢᠳᠤᠯᠢᠭ ᠢᠶᠠᠷ | ᠦᠷᠨᠢᠬᠦᠯᠦᠨ᠂ ᠰᠣᠩᠭᠤᠭᠤᠯᠢ ᠶᠢᠨ ᠠᠷᠠᠳ ᠪᠣᠯᠤᠨ ᠤᠯᠠᠨ ᠲᠦᠮᠡᠨ ᠢ ᠡᠬᠡᠯᠵᠢ ᠬᠠᠯᠠᠭ᠎ᠠ ᠲᠠᠢ ᠬᠦᠯᠢᠶᠡᠨ ᠠᠪᠤᠨ᠎ᠠ᠃ | ︵ᠭᠤᠷᠪᠠ︶ ᠲᠤᠰ ᠬᠠᠷᠢᠶ᠎ᠠ ᠣᠷᠣᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ | ᠶᠠᠪᠤᠳᠠᠯ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠣᠭᠤᠷᠢᠨ ᠳᠤ᠂ | ᠪᠠᠶᠢᠴᠠᠭᠠᠨ ᠦᠵᠡᠬᠦ ᠪᠠᠶᠢᠴᠠᠭᠠᠨ ᠰᠤᠳᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠳᠤ ᠰᠠᠨᠠᠯ ᠰᠠᠨᠠᠭᠤᠯᠭ᠎ᠠ ᠳᠤᠷᠠᠳᠤᠨ᠎ᠠ᠃ ︵ᠳᠥᠷᠪᠡ︶ ᠠᠵᠢᠯ ᠤᠨ ᠠᠷᠭ᠎ᠠ ᠲᠤᠷᠰᠢᠯᠭ᠎ᠠ ᠪᠠᠨ | ᠰᠣᠯᠢᠯᠴᠠᠵᠤ᠂ ᠠᠷᠠᠳ ᠤᠨ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠴᠢᠳᠠᠪᠤᠷᠢ | ᠶᠢ ᠲᠡᠭᠡᠭᠰᠢᠯᠡᠬᠦᠯᠦᠨ᠎ᠡ᠃ ︵ᠲᠠᠪᠤ︶︶ ᠡᠯ᠎ᠡ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ ᠤᠯᠠᠨ ᠲᠦᠮᠡᠨ ᠤ ᠬᠦᠴᠢᠷ | ᠵᠣᠪᠠᠭᠤᠷᠢ ᠶᠢ ᠰᠢᠢᠳᠪᠦᠷᠢᠯᠡᠵᠦ᠂ ᠬᠦᠴᠢᠷᠳᠡᠯᠲᠡᠢ ᠤᠯᠠᠨ ᠲᠦᠮᠡᠨ ᠳᠤ ᠲᠤᠰᠠᠯᠠᠮᠵᠢ ᠦᠵᠡᠬᠦᠯᠦᠨ᠎ᠡ᠃ | ᠳᠥᠷᠪᠡ᠂ ︽ ᠬᠠᠷᠢᠯᠴᠠᠬᠤ ᠦᠷᠳᠡᠭᠡ︾ ᠶᠢᠨ ᠠᠵᠢᠯᠯᠠᠭᠠᠨ ᠤ ᠱᠠᠭᠠᠷᠳᠠᠯᠭ᠎ᠠ᠄ ︵ᠨᠢᠭᠡ︶ ᠲᠦᠯᠦᠪᠯᠡᠭᠡᠳᠦ | ᠴᠢᠨᠠᠷ ᠢ ᠴᠢᠩᠭᠠᠳᠬᠠᠨ᠎ᠠ᠃ ᠵᠢᠯ ᠤᠨ ᠡᠬᠢᠨ ᠳᠤ ᠠᠷᠠᠳ ᠤᠨ ᠲᠥᠯᠥᠭᠡᠯᠡᠭᠴᠢᠳ ᠲᠠᠢ ᠬᠠᠮᠲᠤ ᠪᠠᠷ ᠲᠤᠰ ᠵᠢᠯ ᠤᠨ | ᠠᠵᠢᠯ ᠤᠨ ᠲᠣᠬᠢᠷᠠᠭᠤᠯᠤᠯᠲᠠ ᠶᠢ ᠵᠥᠪᠳᠡᠯᠴᠡᠵᠦ᠂ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠤᠭᠳᠠᠭᠠᠨ᠂ | ᠠᠵᠢᠯᠯᠠᠭᠠᠨ ᠤ ᠪᠣᠳᠠᠲᠠᠶ ᠴᠠᠭ ᠪᠠ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ︽ᠠᠷᠠᠳ ᠤᠨ | ᠲᠥᠯᠥᠭᠡᠯᠡᠭᠴᠢᠳ ᠤᠨ ᠬᠡᠷ︾ ᠲᠤ ᠨᠡᠶᠢᠳᠡᠯᠡᠨ᠎ᠡ᠃ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠤᠯᠤᠭᠠᠶᠢᠯᠠᠨ᠂ ᠭᠠᠴᠠᠭ᠎ᠠ ᠲᠤᠰᠬᠤᠨ ᠤ | ᠨᠠᠮ ᠤᠨ ᠡᠭᠦᠷ ᠨᠢ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠠᠵᠢᠯᠯᠠᠭ᠎ᠠ ᠶᠢ | ᠪᠣᠳᠠᠲᠠᠶ ᠪᠠᠷ ᠦᠷᠨᠢᠬᠦᠯᠦᠨ᠎ᠡ᠃ ︵ᠬᠤᠶᠠᠷ︶ ᠪᠦᠲᠦᠮᠵᠢᠲᠦ ᠴᠢᠨᠠᠷ ᠢ ᠴᠢᠩᠭᠠᠳᠬᠠᠨ᠎ᠠ᠃ ᠠᠵᠢᠯᠯᠠᠭᠠᠨ ᠤ | ᠵᠣᠷᠢᠯᠭᠠᠲᠤ ᠴᠢᠨᠠᠷ ᠢ ᠴᠢᠬᠤᠯᠠᠴᠢᠯᠠᠵᠤ᠂ ᠬᠡᠯᠪᠡᠷᠢ ᠶᠢᠨ ᠲᠡᠳᠦᠢ ᠬᠢᠵᠦ᠂ ᠶᠣᠰᠣᠨ ᠤ ᠲᠡᠳᠦᠢ ᠥᠩᠭᠡᠷᠡᠭᠦᠯᠬᠦ ᠶᠢ | ᠴᠢᠩᠭ᠎ᠠ ᠴᠡᠭᠡᠷᠯᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠢ ᠣᠶᠢᠯᠠᠭᠠᠬᠤ᠂ | ᠵᠠᠰᠠᠭ ᠤᠨ ᠶᠠᠪᠤᠳᠠᠯ ᠳᠤ ᠤᠷᠤᠯᠴᠠᠬᠤ᠂ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠬᠤ ᠳᠤ ᠳᠥᠭᠦᠮ ᠨᠥᠬᠦᠴᠡᠯ ᠬᠠᠩᠭᠠᠵᠤ᠂ ᠦᠢᠯᠡᠴᠢᠯᠡᠭᠡ ᠶᠢ ᠰᠠᠶᠢᠨ ᠬᠢᠬᠦ ᠬᠡᠷᠡᠭᠲᠡᠢ᠃ ︵ᠭᠤᠷᠪᠠ | ︶ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠠᠵᠢᠯᠯᠠᠭ᠎ᠠ ᠥᠷᠨᠢᠭᠦᠯᠬᠦ ᠠᠴᠠ ᠡᠮᠦᠨ᠎ᠡ᠂ ᠲᠦᠰᠦᠪ ᠲᠦᠯᠦᠪᠯᠡᠭᠡ | ᠪᠠᠨ ᠨᠠᠷᠢᠯᠢᠭ ᠲᠤᠭᠳᠠᠭᠠᠵᠤ᠂ ᠠᠵᠢᠯᠯᠠᠭᠠᠨ ᠤ ᠴᠠᠭ᠂ ᠭᠠᠵᠠᠷ᠂ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢ | ᠲᠥᠯᠥᠭᠡᠯᠡᠭᠴᠢᠳ ᠲᠤ ᠮᠡᠳᠡᠭᠦᠯᠬᠦ ᠶᠢᠨ ᠬᠠᠮᠲᠤ᠂ ᠲᠦᠯᠦᠭᠡᠯᠡᠭᠴᠢᠳ ᠢ ᠬᠠᠪᠰᠤᠷᠤᠨ ᠴᠢᠬᠤᠯᠠ ᠪᠦᠬᠦᠢ ᠪᠠᠶᠢᠴᠠᠭᠠᠨ | ᠰᠤᠳᠤᠯᠤᠯᠲᠠ ᠬᠢᠵᠦ᠂ ᠠᠵᠢᠯᠯᠠᠭᠠᠨ ᠤ ᠠᠭᠤᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ | ᠲᠠᠯ᠎ᠠ ᠶᠢᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠬᠤ ᠬᠡᠷᠡᠭᠲᠡᠶ᠃ ︵ᠳᠥᠷᠪᠡ︶ ᠬᠠᠮᠢᠶᠠᠷᠤᠯᠲᠠ ᠶᠢ | ᠲᠦᠷᠢᠮᠵᠢᠬᠦᠯᠦᠨ᠎ᠡ᠃ ᠠᠵᠢᠯᠯᠠᠭᠠᠨ ᠤ ᠲᠡᠮᠳᠡᠭᠯᠡᠯ ᠪᠠ ᠬᠠᠮᠢᠶᠠᠷᠤᠯᠲᠠ ᠶᠢ ᠰᠠᠶᠢᠨ ᠬᠢᠵᠦ᠂ ᠠᠷᠠᠳ ᠤᠨ | ᠲᠥᠯᠥᠭᠡᠯᠡᠭᠴᠢᠳ ᠲᠡᠮᠳᠡᠭᠯᠡᠯ ᠤᠨ ᠬᠦᠰᠦᠨᠦᠭᠳᠦ ᠶᠢ ᠨᠠᠷᠢᠨ ᠬᠢᠨᠠᠮᠠᠭᠠᠶ ᠲᠠᠭᠯᠠᠨ᠂ ᠲᠠᠩᠰᠠ ᠡᠪᠬᠡᠮᠡᠯ ᠳᠤ ᠣᠷᠣᠭᠤᠯᠬᠤ | ᠬᠡᠷᠡᠭᠲᠡᠶ᠃ ︵ᠲᠠᠪᠤ︶ ᠠᠷᠭ᠎ᠠ ᠲᠤᠷᠰᠢᠯᠭ᠎ᠠ ᠪᠠᠨ ᠳ᠋ᠦᠩᠨᠡᠵᠦ ᠦᠷ᠎ᠡ ᠪᠦᠳᠦᠮᠵᠢ ᠪᠠᠨ ᠲᠡᠭᠡᠭᠰᠢᠯᠡᠬᠦᠯᠦᠨ᠎ᠡ᠃ | ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠶ ᠳᠤᠨᠢ ᠡᠷᠢᠵᠦ ᠭᠠᠷᠭᠠᠨ᠂ ᠲᠦᠷᠢᠮ ᠲᠤᠭᠳᠠᠴᠠ ᠪᠠᠨ ᠲᠡᠬᠦᠯᠳᠡᠷᠵᠢᠬᠦᠯᠵᠦ ᠠᠷᠭ᠎ᠠ ᠪᠠᠷᠢᠯ ᠢᠶᠠᠨ | ᠰᠠᠶᠢᠵᠢᠷᠠᠭᠤᠯᠬᠤ ᠪᠠᠷ ᠲᠠᠮᠵᠢᠭᠠᠳ ᠠᠵᠢᠯᠯᠠᠭᠠᠨ ᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ |