ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/17
 6 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠶᠢᠨ ᠳ᠋ᠦᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠴᠦᠨ ᠭᠤᠸᠠᠩ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠪᠠ ᠠᠵᠢᠯ ᠡᠭᠦᠷᠭᠡ ᠬᠤᠪᠢᠶᠠᠷᠢᠯᠠᠭᠰᠠᠨ ᠲᠤᠭᠳᠠᠭᠠᠯ  ᠢ ᠨᠡᠶᠢᠲᠡᠯᠡᠪᠡ᠃ ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠬᠢᠨᠠᠯᠲᠠ ᠲᠠᠯᠪᠢᠵᠤ᠂ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠢ ᠱᠠᠭᠠᠷᠳᠠᠨ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠴᠢᠷᠮᠠᠶᠢᠯᠭ᠎ᠠ ᠭᠠᠷᠭᠠᠬᠤ ᠶᠢ ᠪᠡᠶᠡᠯᠡᠬᠦᠯᠬᠦ ᠬᠡᠷᠡᠭᠲᠡᠶ᠃ ᠲᠤᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠴᠢᠩᠭ᠎ᠠ ᠰᠠᠬᠢᠵᠤ᠂  ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠠᠵᠢᠯ ᠢᠶᠠᠨ ᠰᠠᠶᠢᠳᠤᠷ ᠦᠷᠨᠢᠬᠦᠯᠬᠦ ᠬᠡᠷᠡᠭᠲᠡᠢ ᠬᠡᠵᠦ  ᠱᠠᠭᠠᠷᠳᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠪᠠ᠃ ᠲᠣᠰ ᠡᠭᠡᠯᠵᠢ ᠪᠠᠷ 3 ᠪᠠᠶᠢᠴᠠᠭᠠᠬᠤ ᠳᠤᠭᠤᠶᠢᠯᠠᠩ ᠲᠣᠮᠢᠯᠠᠵᠤ᠂ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶ᠎ᠠ᠂ ᠬᠤᠩ ᠴᠢ ᠪᠠᠯᠭᠠᠰᠤᠨ ᠤ ᠨᠠᠮ ᠤᠨ ᠬᠤᠷᠢᠶ᠎ᠠ᠂ ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠠᠷᠢᠶ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠭᠡᠪ ᠤᠨ ᠲᠤᠭᠤᠷᠢᠨ ᠪᠠᠶᠢᠴᠠᠭᠠᠯᠲᠠ ᠬᠢᠬᠦ ᠪᠠᠷ ᠲᠤᠭᠳᠠᠵᠠᠢ᠂ ᠡᠭᠦᠨ ᠳᠤ ᠴᠢᠶᠠᠨ ᠶᠢᠨ ᠭᠸᠦ ᠪᠠᠯᠭᠠᠰᠤᠨ ᠤ ᠮᠠ ᠹᠠᠩ ᠽᠢ ᠲᠣᠰᠬᠤᠨ᠂  ᠮᠢᠨ ᠵᠦᠩ ᠲᠣᠰᠬᠤᠨ᠂ ᠴᠠᠪᠨᠠᠭᠤᠷ ᠲᠣᠰᠬᠤᠨ᠂ ᠰᠠᠨ ᠵᠢᠶᠧ ᠲᠣᠰᠬᠤᠨ᠂ ᠲᠠᠢ ᠫᠢᠩ ᠭᠸᠦ ᠲᠣᠰᠬᠤᠨ᠂ ᠢ ᠾᠧ ᠲᠣᠰᠬᠤᠨ᠂ ᠬᠤᠩ ᠴᠢ ᠪᠠᠯᠭᠠᠰᠤᠨ ᠤ ᠬᠤᠩ ᠵᠢᠩ ᠲᠣᠰᠬᠤᠨ  ᠬᠤᠩ ᠴᠢ ᠲᠣᠰᠬᠤᠨ᠂ ᠮᠢᠨ ᠵᠤ᠋ ᠲᠣᠰᠬᠤᠨ᠂ ᠴᠤᠤ ᠶᠠᠩ ᠲᠣᠰᠬᠤᠨ᠂ ᠸᠧᠶ ᠭᠦᠸᠧ ᠲᠣᠰᠬᠤᠨ᠂ ᠡᠤ ᠯᠢᠶᠠᠩ ᠲᠣᠰᠬᠤᠨ᠂  ᠯᠦᠸᠧ ᠲᠦᠸᠧ ᠱᠠᠨ ᠪᠠᠯᠭᠠᠰᠤᠨ ᠤ  ᠾᠸᠢ ᠴᠢᠤᠢ ᠱᠠᠨ ᠲᠤᠰᠬᠤᠨ᠂  ᠵᠠᠩ ᠹᠠᠩ ᠱᠠᠨ ᠲᠤᠰᠬᠤᠨ  ᠢᠦᠶ ᠱᠣ᠋ ᠸᠠ ᠲᠣᠰᠬᠤᠨ᠂ ᠨᠠᠨ ᠯᠢᠶᠠᠩ ᠲᠣᠰᠬᠤᠨ ᠵᠡᠷᠭᠡ 16 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠢᠭᠤᠳ ᠪᠠᠶᠢᠴᠠᠭᠠᠬᠤ ᠬᠡᠯᠪᠡᠷᠢ ᠪᠠᠷ ᠭᠡᠪ ᠤᠨ ᠲᠤᠭᠤᠷᠢᠨ ᠪᠠᠶᠢᠴᠠᠭᠠᠯᠲᠠ ᠬᠢᠵᠦ᠂  ᠪᠤᠰᠤᠳ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ ᠪᠠᠯᠭᠠᠰᠤᠨ ᠲᠤᠰᠬᠤᠨ ᠢ ᠨᠢᠬᠡ ᠴᠤᠭᠴᠠᠵᠢᠭᠤᠯᠬᠤ ᠭᠡᠯᠪᠡᠷᠢ  ᠪᠠᠷ ᠭᠡᠪ ᠤᠨ ᠲᠤᠭᠤᠷᠢᠨ ᠪᠠᠶᠢᠴᠠᠭᠠᠯᠳᠠ ᠬᠢᠬᠦ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂  ᠲᠤᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ᠂ ᠪᠠᠶᠢᠴᠠᠭᠠᠭᠳᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠤ᠂ ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠲᠣᠭᠲᠠᠴᠠ ᠶᠢᠨ ᠭᠡᠰᠢᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠬᠡᠷ ᠤᠨ ᠪᠥᠬᠦ ᠺᠠᠳ᠋ᠷ ᠠᠵᠢᠯᠳᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号