ᠲᠠᠶᠢᠹᠤᠰᠧ ᠬᠤᠰᠢᠭᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/6/17
  ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠴᠢᠩᠭᠠᠳᠬᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ  ᠬᠢᠨ ︽ᠵᠣᠭᠤᠰᠣᠨ ᠤ ᠴᠦᠩᠬᠦ ᠶᠢ ᠪᠠᠳᠤ ᠰᠠᠬᠢᠵᠤ ᠵᠣᠯ ᠵᠢᠷᠭᠠᠯᠲᠤ ᠠᠶᠢᠯ ᠭᠡᠷ ᠢ ᠬᠠᠮᠠᠭᠠᠯᠠᠬᠤ︾ ᠪᠠᠷ ᠭᠤᠤᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠢᠷᠡᠵᠦ ᠶᠠᠪᠤᠭ᠎ᠠ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠣᠨᠴᠠᠯᠢᠭ ᠰᠢᠨᠵᠢ᠂  ᠠᠷᠭ᠎ᠠ ᠪᠠᠰᠢᠷ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ᠂ ᠣᠯᠠᠨ ᠤ ᠠᠰᠠᠭᠤᠭᠰᠠᠨ ᠮᠠᠳᠠᠭ ᠲᠠᠢ ᠠᠰᠠᠭᠤᠳᠠᠯ ᠳᠤ ᠬᠠᠷᠢᠭᠤᠯᠳᠠ ᠦᠭᠬᠦᠭᠰᠡᠨ ᠪᠦᠭᠡᠳ  ᠤᠯᠠᠨ ᠲᠦᠮᠡᠨ ᠢ ᠬᠠᠤᠯᠢ ᠪᠤᠰᠤ ᠪᠠᠷ ᠪᠡᠯᠡ ᠴᠤᠭᠯᠠᠭᠤᠯᠬᠤ ᠤᠨᠠᠭᠤᠯᠢ ᠶᠢ ᠰᠡᠷᠡᠮᠵᠢᠯᠡᠵᠦ᠂  ᠪᠡᠯᠡ ᠣᠷᠣᠭᠤᠯᠬᠤ ᠵᠥᠪ ᠣᠶᠢᠯᠠᠭᠠᠭᠳᠠᠬᠤᠨ ᠢ ᠪᠤᠢ ᠪᠤᠯᠭᠠᠨ᠂ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ  ᠪᠠᠨ ᠲᠡᠭᠡᠭᠰᠢᠯᠡᠬᠦᠯᠬᠦ ᠭᠡᠷᠡᠭᠳᠡᠢ ᠬᠡᠵᠦ ᠰᠠᠨᠠᠭᠤᠯᠤᠭᠰᠠᠨ ᠪᠠᠶᠢᠨ᠎ᠠ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠰᠡᠷᠭᠡᠶᠢᠯᠡᠯᠳᠡ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠠᠶᠢᠹᠤᠰᠧ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠤᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠢ ᠢᠳᠡᠬᠡᠯ ᠵᠣᠷᠢᠭ ᠢ ᠢᠯᠡᠷᠭᠡᠶᠢᠯᠡᠵᠡᠢ᠃ ᠲᠠᠷᠠᠭᠠᠴᠢ ᠶᠢᠨ ᠠᠯᠬᠤᠮ ᠳᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠪᠥᠬᠦ ᠠᠷᠠᠳ ᠢᠶᠠᠷ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠬᠤ ᠪᠠᠷ ᠪᠠᠶᠢᠨ᠎ᠠ᠃  ᠡᠨᠡ  ᠤᠳᠠᠭᠠᠨ ᠤ ᠠᠵᠢᠯᠯᠠᠭ᠎ᠠ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂  ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠪᠠᠩᠬᠢ᠂ ᠳᠠᠭᠠᠳᠬᠠᠯ ᠤᠨ ᠺᠣᠮᠫᠠᠨᠢ ᠠᠴᠠ ᠬᠠᠮᠵᠢᠯᠴᠠᠨ ᠡᠷᠬᠢᠯᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号