ᠲᠠᠶᠢᠹᠤᠰᠧ ᠬᠤᠰᠢᠭᠤᠨ ᠤ ᠬᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/6/17
 ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠡᠮ ᠲᠠᠢ ᠬᠥᠭᠵᠢᠯᠲᠡ ᠶᠢ ᠪᠠᠳᠤᠯᠠᠨ᠂ ᠠᠮᠤᠷ ᠲᠦᠪᠰᠢᠨ ᠤ ᠬᠡᠮ ᠰᠤᠭᠤᠭ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠦᠷᠬᠦᠯᠵᠢᠯᠡᠬᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ᠂ ᠪᠥᠬᠦ ᠬᠤᠰᠢᠭᠤᠨ ᠤ ᠬᠡᠪᠴᠢᠶᠡᠨ ᠳᠠᠬᠢ ᠵᠢᠭᠤᠯᠴᠢᠯᠠᠯ ᠤᠨ ᠦᠵᠡᠮᠵᠢ ᠶᠢᠨ ᠤᠷᠤᠨ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠴᠡᠭ ᠵᠡᠷᠭᠡ ᠡᠵᠡᠩᠨᠡᠯᠲᠡ ᠶᠢᠨ ᠲᠠᠯᠠᠪᠤᠷ ᠲᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠨᠢ  ᠡᠵᠡᠩᠨᠡᠯᠲᠡ ᠶᠢᠨ ᠲᠠᠯᠠᠪᠤᠷ ᠤᠳ ᠲᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠪᠠᠶᠢᠳᠠᠯ᠂ ᠰᠢᠲᠠᠮᠠᠬᠠᠶ ᠬᠡᠢ᠂ ᠨᠡᠭᠦᠷᠡᠰᠦᠨ ᠤ ᠬᠡᠢ ᠶᠢᠨ ᠠᠮᠤᠷ ᠲᠦᠪᠰᠢᠨ ᠤ ᠬᠡᠮ ᠰᠤᠭᠤᠭ᠂  ᠨᠠᠭᠠᠳᠤᠮ ᠲᠤᠭᠯᠠᠭᠠᠮ ᠤᠨ ᠵᠦᠢᠯ  ᠂ ᠭᠠᠯ ᠤᠨᠲᠠᠷᠠᠭᠠᠬᠤ ᠲᠥᠬᠦᠭᠡᠷᠦᠮᠵᠢ᠂ ᠠᠶᠤᠯ ᠠᠴᠠ ᠵᠠᠶᠢᠯᠠᠬᠤ ᠵᠠᠮ᠂ ᠰᠡᠷᠡᠮᠵᠢᠯᠡᠬᠦᠯᠬᠦ ᠲᠡᠮᠳᠡᠭ ᠢᠯᠡᠷᠭᠡᠶᠢᠯᠡᠯ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠪᠠ  ᠠᠮᠤᠷ ᠲᠦᠪᠰᠢᠨ ᠤ ᠳᠦᠷᠢᠮ ᠲᠤᠭᠳᠠᠭᠠᠯ᠂ ᠦᠶᠡᠷ ᠤᠨ ᠬᠤᠭᠤᠴᠠᠭᠠᠨ ᠤ ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠬᠦ ᠲᠣᠭᠲᠠᠴᠠ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠡᠬᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠳᠠ ᠬᠢᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠡᠵᠡᠩᠨᠡᠯᠲᠡ ᠶᠢᠨ ᠲᠠᠯᠠᠪᠤᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠵᠢᠯᠤᠭᠤᠳᠤᠯᠭ᠎ᠠ ᠪᠠ ᠪᠤᠯᠪᠠᠰᠤᠷᠠᠯ ᠬᠢᠵᠦ᠂ ᠡᠵᠡᠩᠨᠡᠭᠴᠢᠳ ᠪᠠ ᠠᠵᠢᠯᠳᠠᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠲᠠᠷᠠᠭᠠᠴᠢ ᠪᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠶᠢᠴᠠᠭᠠᠯᠳᠠ ᠬᠢᠵᠦ᠂  ᠠᠮᠤᠷ ᠲᠦᠪᠰᠢᠨ ᠤ ᠬᠡᠮ ᠰᠤᠭᠤᠭ ᠢ ᠠᠷᠢᠯᠭᠠᠨ᠂ ᠤᠰᠤᠯ ᠠᠳᠡᠯ ᠭᠠᠷᠬᠤ ᠶᠢ ᠡᠷᠡᠰ ᠬᠤᠷᠢᠭᠯᠠᠬᠤ ᠶᠢᠨ ᠬᠠᠮᠳᠤ᠂  ᠠᠶᠤᠯᠬᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂  ᠵᠢᠭᠤᠯᠴᠢᠯᠠᠭᠴᠢ ᠪᠠ ᠡᠵᠡᠩᠨᠡᠭᠴᠢ  ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢ ᠲᠦᠷᠢᠮᠵᠢᠬᠦᠯᠦᠨ᠂ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠵᠢᠭᠤᠯᠴᠢᠯᠠᠭᠴᠢᠳ ᠲᠤ ᠨᠠᠩ ᠠᠮᠤᠷ ᠲᠦᠪᠰᠢᠨ᠂  ᠰᠡᠳᠬᠢᠯ ᠬᠠᠨᠤᠮᠵᠢᠳᠠᠢ ᠵᠢᠭᠤᠯᠴᠢᠯᠠᠯ ᠤᠨ ᠣᠷᠴᠢᠨ  ᠨᠦᠬᠦᠴᠡᠯ ᠢ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号