ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢ ᠶᠢᠨ ᠡᠷᠬᠡ ᠪᠠ ᠡᠭᠦᠷᠭᠡ
ᠨᠡᠶᠢᠲᠡᠯᠡᠭᠰᠡᠨ ᠴᠠᠭ᠄
2024/6/17
  ᠠᠷᠠᠳ ᠤᠨ ᠲᠥᠯᠥᠭᠡᠯᠡᠭᠴᠢ ᠶᠢᠨ ᠡᠷᠬᠡ᠄ ︵1︶ ᠬᠢᠨᠠᠨ ᠵᠥᠪᠯᠡᠬᠦ ᠡᠷᠬᠡ ᠲᠠᠢ᠃ ᠠᠷᠠᠳ ᠤᠨ ᠲᠥᠯᠥᠭᠡᠯᠡᠭᠴᠢ  ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠬᠤᠭᠤᠴᠠᠭᠠᠨ ᠳᠤ ᠲᠣᠰ ᠤᠳᠠᠭᠠᠨ ᠤ ᠶᠡᠭᠡ ᠬᠤᠷᠠᠯ ᠤᠨ ᠵᠥᠪᠯᠡᠬᠦ ᠵᠦᠢᠯ ᠳᠤ ᠣᠷᠣᠭᠤᠯᠤᠭᠰᠠᠨ ᠡᠯ᠎ᠡ ᠲᠦᠷᠦᠯ ᠤᠨ ᠵᠥᠪᠯᠡᠯᠭᠡ ᠪᠠ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃ ᠡᠨᠡ ᠪᠣᠯ ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠢ ᠲᠥᠯᠥᠭᠡᠯᠡᠨ ᠲᠦᠷᠦ ᠶᠢᠨ ᠶᠠᠪᠤᠳᠠᠯ ᠢ ᠬᠠᠮᠢᠶᠠᠷᠬᠤ᠂ ᠲᠤᠰ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠠᠵᠢᠯ ᠳᠤ ᠬᠢᠨᠠᠯᠲᠠ ᠲᠠᠯᠪᠢᠬᠤ ᠴᠢᠬᠤᠯᠠ ᠨᠢᠭᠡᠨ ᠡᠷᠬᠡ ᠲᠤᠰᠢᠶᠠᠯ ᠮᠥᠨ᠃ ︵2︶ ᠰᠠᠨᠠᠯ ᠲᠤᠷᠠᠳᠬᠤ ᠡᠷᠬᠡ ᠲᠠᠢ᠃ ᠠᠷᠠᠳ ᠤᠨ ᠲᠥᠯᠥᠭᠡᠯᠡᠭᠴᠢ   ᠨᠢ ᠬᠠᠤᠯᠢ ᠪᠠᠷ ᠲᠣᠭᠲᠠᠭᠠᠭᠰᠠᠨ ᠠᠯᠬᠤᠮ ᠶᠠᠪᠤᠴᠠ ᠶᠣᠰᠣᠭᠠᠷ ᠲᠤᠰ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯ ᠤᠨ ᠬᠡᠪᠴᠢᠶᠡᠨ ᠳᠠᠬᠢ ᠰᠠᠨᠠᠯ ᠵᠥᠪᠯᠡᠯᠭᠡ ᠶᠢ ᠲᠤᠷᠠᠳᠤᠨ᠎ᠠ᠃ ︵3︶ ᠰᠣᠩᠭᠤᠭᠤᠯᠢ ᠶᠢᠨ ᠡᠷᠬᠡ ᠲᠠᠢ᠃ ᠲᠤᠰ  ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠬᠤᠭᠤᠴᠠᠭᠠᠨ ᠳᠤ ᠠᠷᠠᠳ ᠤᠨ ᠲᠥᠯᠥᠭᠡᠯᠡᠭᠴᠢ ᠨᠢ ᠬᠠᠮᠢᠶ᠎ᠠ ᠪᠦᠬᠦᠢ ᠬᠠᠤᠯᠢ ᠲᠦᠷᠢᠮ ᠤᠨ ᠶᠣᠰᠣᠭᠠᠷ ᠲᠤᠰ ᠱᠠᠳᠤᠨ ᠤ ᠲᠥᠷᠥ ᠶᠢᠨ ᠪᠠᠶᠢᠭᠤᠯᠭ᠎ᠠ ᠶᠢᠨ ᠤᠳᠤᠷᠢᠳᠬᠤ ᠬᠥᠮᠦᠰ ᠵᠢᠴᠢ ᠳᠡᠭᠡᠷ᠎ᠡ ᠨᠢᠭᠡ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠡᠷ᠎ᠡ ᠳᠤᠷᠠᠳᠴᠤ ᠲᠠᠨᠢᠯᠴᠠᠭᠤᠯᠬᠤ ᠪᠠ ᠠᠷᠠᠳᠴᠢᠯᠠᠯ ᠢᠶᠠᠷ ᠰᠤᠩᠭᠤᠨ᠎ᠠ᠃ ︵4︶ ᠲᠤᠯᠭᠠᠨ ᠠᠰᠠᠭᠤᠬᠤ ᠡᠷᠬᠡ ᠲᠠᠢ᠃ ᠲᠤᠰ  ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠬᠤᠭᠤᠴᠠᠭᠠᠨ ᠳᠤ ᠠᠷᠠᠳ ᠤᠨ ᠲᠥᠯᠥᠭᠡᠯᠡᠭᠴᠢ ᠨᠢ ᠬᠠᠤᠯᠢ ᠳᠤ ᠲᠣᠭᠲᠠᠭᠠᠭᠰᠠᠨ ᠠᠯᠬᠤ ᠶᠠᠪᠤᠴᠠ ᠶᠣᠰᠣᠭᠠᠷ ᠲᠤᠰ ᠱᠠᠳᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠠᠮᠢᠶ᠎ᠠ ᠪᠦᠬᠦᠢ ᠤᠴᠢᠷ ᠶᠠᠪᠤᠳᠠᠯ   ᠢ ᠲᠤᠯᠭᠠᠨ ᠠᠰᠠᠭᠤᠵᠤ ᠪᠤᠯᠤᠨ᠎ᠠ᠃ ︵5︶  ᠲᠤᠰᠢᠶᠠᠯ ᠠᠴᠠ ᠨᠢ ᠪᠠᠭᠤᠯᠭᠠᠬᠤ ᠲᠤᠷᠠᠳᠤᠯᠭ᠎ᠠ ᠭᠠᠷᠭᠠᠬᠤ ᠡᠷᠬᠡ ᠲᠠᠢ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢ ᠨᠢ ᠬᠠᠤᠯᠢ ᠪᠠᠷ ᠲᠣᠭᠲᠠᠭᠠᠭᠰᠠᠨ ᠠᠯᠬᠤᠮ ᠶᠠᠪᠤᠴᠠ ᠶᠣᠰᠣᠭᠠᠷ ᠲᠤᠰ ᠱᠠᠳᠤᠨ ᠤ ᠲᠥᠷᠥ ᠶᠢᠨ ᠪᠠᠶᠢᠭᠤᠯᠭ᠎ᠠ ᠶᠢᠨ ᠤᠳᠤᠷᠢᠳᠬᠤ ᠬᠥᠮᠦᠰ ᠢ ᠲᠤᠰᠢᠶᠠᠯ ᠠᠴᠠ ᠨᠢ ᠪᠠᠭᠤᠯᠭᠠᠬᠤ ᠳᠤᠷᠠᠳᠤᠯᠭ᠎ᠠ ᠭᠠᠷᠭᠠᠵᠤ ᠪᠤᠯᠤᠨ᠎ᠠ᠃ ︵6︶  ᠰᠠᠨᠠᠯ ᠢᠶᠠᠨ ᠢᠯᠡᠳᠬᠡᠵᠦ ᠪᠠᠳᠤᠯᠠᠨ ᠲᠤᠭᠳᠠᠭᠠᠬᠤ ᠡᠷᠬᠡ ᠲᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠥᠬᠦᠳᠡ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢ ᠨᠢ ᠲᠣᠰ ᠤᠳᠠᠭᠠᠨ ᠤ ᠶᠡᠭᠡ ᠬᠤᠷᠠᠯ ᠤᠨ ᠬᠢᠨᠠᠨ ᠵᠥᠪᠯᠡᠭᠰᠡᠨ ᠬᠠᠤᠯᠢ ᠲᠦᠷᠢᠮ᠂  ᠢᠯᠡᠳᠭᠡᠯ ᠮᠡᠳᠡᠭᠦᠯᠦᠯᠲᠡ᠂ ᠰᠠᠨᠠᠯ ᠵᠥᠪᠯᠡᠯᠭᠡ ᠳᠤ ᠰᠠᠨᠠᠯ ᠢᠶᠠᠨ ᠢᠯᠡᠳᠬᠡᠵᠦ ᠡᠴᠦᠰ ᠤᠨ ᠰᠢᠢᠳᠪᠦᠷᠢ ᠶᠢ ᠭᠠᠷᠭᠠᠨ᠎ᠠ᠃  ᠢᠯᠡᠳᠬᠡᠬᠦ ᠬᠡᠯᠪᠡᠷᠢ ᠨᠢ ᠰᠣᠩᠭᠤᠭᠤᠯᠢ ᠶᠢᠨ ᠠᠷᠭ᠎ᠠ᠂ ᠭᠠᠷ ᠡᠷᠭᠦᠬᠦ ᠠᠷᠭ᠎ᠠ ᠪᠤᠶᠤ ᠪᠤᠰᠤᠳ ᠠᠷᠭ᠎ᠠ ᠮᠠᠶ᠋ᠢᠭ ᠪᠠᠶᠢᠵᠤ ᠪᠣᠯᠤᠨ᠎ᠠ᠃ ︵7︶ ᠰᠠᠨᠠᠯ ᠰᠢᠭᠦᠮᠵᠢᠯᠡᠯ ᠢᠶᠠᠨ  ᠲᠤᠷᠠᠳᠬᠤ ᠡᠷᠬᠡ ᠲᠠᠢ᠃ ᠠᠷᠠᠳ ᠤᠨ ᠲᠥᠯᠥᠭᠡᠯᠡᠭᠴᠢ ᠨᠢ ᠲᠤᠰ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶᠠᠨ ᠳᠤ ᠲᠥᠷᠥ ᠶᠢᠨ ᠪᠠᠶᠢᠭᠤᠯᠭ᠎ᠠ ᠶᠢᠨ ᠡᠯ᠎ᠡ ᠲᠠᠯ᠎ᠠ ᠶᠢᠨ ᠠᠵᠢᠯ ᠤᠨ ᠲᠤᠬᠠᠢ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢᠶᠠᠨ ᠲᠤᠷᠠᠳᠴᠤ ᠪᠤᠯᠤᠨ᠎ᠠ᠃ ︵8︶ ᠲᠤᠰᠬᠠᠢ ᠠᠰᠠᠭᠤᠳᠠᠯ ᠤᠨ ᠲᠤᠬᠠᠢ ᠪᠠᠶᠢᠴᠠᠭᠠᠬᠤ ᠺᠣᠮᠢᠰ ᠢ ᠵᠣᠬᠢᠶᠠᠨ ᠪᠠᠶᠢᠭᠤᠯᠬᠤ  ᠪᠠᠷ ᠲᠤᠷᠠᠳᠤᠯᠭ᠎ᠠ ᠭᠠᠷᠭᠠᠬᠤ ᠡᠷᠭᠡ ᠲᠠᠢ᠃ ᠬᠤᠰᠢᠭᠤ ᠰᠢᠶᠠᠨ ᠤ  ᠱᠠᠳᠤᠨ ᠠᠴᠠ ᠲᠡᠭᠡᠭᠰᠢᠬᠢ ᠡᠯ᠎ᠡ ᠱᠠᠳᠤᠨ ᠤ ᠠᠷᠠᠳ ᠤᠨ ᠲᠥᠯᠥᠭᠡᠯᠡᠭᠴᠢ ᠨᠢ ᠲᠤᠰᠬᠠᠢ ᠠᠰᠠᠭᠤᠳᠠᠯ ᠤᠨ ᠲᠤᠬᠠᠢ ᠪᠠᠶᠢᠴᠠᠭᠠᠬᠤ ᠺᠤᠮᠢᠰ ᠢ ᠵᠣᠬᠢᠶᠠᠨ ᠪᠠᠶᠢᠭᠤᠯᠬᠤ ᠲᠤᠷᠠᠳᠤᠯᠭ᠎ᠠ ᠶᠢ ᠬᠠᠤᠯᠢ ᠶᠤᠰᠤᠭᠠᠷ ᠭᠠᠷᠭᠠᠵᠤ ᠪᠤᠯᠤᠨ᠎ᠠ᠃ ︵9︶ ᠦᠭᠡ ᠶᠠᠷᠢᠶᠠᠨ ᠤ ᠲᠠᠯ᠎ᠠ ᠪᠠᠷ ᠬᠠᠷᠢᠭᠤᠴᠠᠯᠭ᠎ᠠ ᠨᠡᠬᠡᠮᠵᠢᠯᠡᠯ ᠠᠴᠠ ᠬᠡᠯᠳᠦᠷᠢᠬᠦ ᠡᠷᠭᠡ ᠲᠠᠢ᠃ ᠠᠷᠠᠳ ᠤᠨ ᠲᠥᠯᠥᠭᠡᠯᠡᠭᠴᠢ ᠨᠢ ᠲᠤᠰ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠬᠤᠷᠠᠯᠳᠤᠭᠠᠨ ᠳᠡᠭᠡᠷ᠎ᠡ ᠦᠭᠡ ᠬᠡᠯᠡᠵᠦ ᠰᠠᠨᠠᠯ ᠢᠶᠠᠨ ᠲᠤᠷᠠᠳᠴᠤ ᠪᠤᠯᠤᠨ᠎ᠠ᠂ ᠡᠬᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠦᠭᠡᠢ᠃ ︵10︶ ᠪᠡᠶ᠎ᠡ ᠪᠠᠨ ᠬᠠᠮᠠᠭᠠᠯᠠᠬᠤ ᠤᠨᠴᠠ ᠡᠷᠬᠡ ᠲᠠᠢ᠃ ᠲᠤᠰᠬᠠᠢ ᠵᠥᠪᠰᠢᠶᠡᠷᠡᠯ ᠦᠬᠡᠢ ᠪᠠᠷ ᠠᠷᠠᠳ ᠤᠨ ᠲᠥᠯᠥᠭᠡᠯᠡᠭᠴᠢ ᠶᠢᠨ  ᠪᠡᠶ᠎ᠡ  ᠶᠢᠨ ᠡᠷᠬᠡ ᠴᠢᠯᠦᠭᠡ ᠶᠢ ᠡᠵᠡᠮᠳᠡᠵᠦ᠂  ᠠᠷᠠᠳ ᠤᠨ ᠲᠦᠯᠦᠭᠡᠯᠡᠭᠴᠢ ᠶᠢ ᠪᠠᠷᠢᠪᠴᠢᠯᠠᠬᠤ ᠪᠤᠶᠤ ᠡᠷᠡᠭᠦᠦ ᠶᠢᠨ ᠬᠡᠷᠡᠭ ᠢᠶᠠᠷ ᠰᠢᠭᠦᠨ ᠲᠠᠰᠤᠯᠵᠤ ᠪᠤᠯᠬᠤ ᠦᠬᠡᠢ᠃    ᠠᠷᠠᠳ ᠤᠨ ᠲᠥᠯᠥᠭᠡᠯᠡᠭᠴᠢ ᠶᠢᠨ ᠡᠭᠦᠷᠭᠡ᠄ ︵1︶ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠬᠡᠷᠡᠭᠵᠢᠭᠦᠯᠬᠦ ᠳᠤ ᠢᠳᠡᠪᠬᠢᠳᠡᠢ ᠬᠠᠮᠵᠢᠯᠴᠠᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠯᠤᠭ᠎ᠠ ᠵᠣᠷᠢᠭᠲᠠᠶ ᠪᠠᠷ ᠡᠷᠡᠰ ᠲᠡᠮᠡᠴᠡᠯ ᠬᠢᠨ᠎ᠡ᠃  ︵2︶ ᠠᠷᠠᠳ ᠤᠯᠠᠨ ᠲᠠᠢ ᠨᠢᠭᠲᠠ ᠬᠠᠷᠢᠯᠴᠠᠵᠤ᠂ ᠲᠡᠳᠡᠨ ᠤ ᠰᠠᠨᠠᠯ ᠪᠠ ᠱᠠᠭᠠᠷᠳᠠᠯᠭ᠎ᠠ ᠶᠢ ᠢᠳᠡᠪᠬᠢᠲᠠᠢ ᠰᠤᠨᠤᠰᠴᠤ ᠲᠤᠰᠬᠠᠨ᠂ ᠠᠷᠠᠳ ᠲᠦᠮᠡᠨ ᠳᠤ ᠴᠢᠷᠮᠠᠶᠢᠨ ᠦᠢᠯᠡᠴᠢᠯᠡᠨ᠎ᠡ᠃  ︵3︶ ᠤᠯᠤᠰ ᠤᠨ ᠨᠢᠭᠤᠴᠠ ᠶᠢ ᠬᠠᠮᠠᠭᠠᠯᠠᠵᠤ᠂ ᠨᠠᠮ ᠪᠠ ᠤᠯᠤᠰ ᠤᠨ ᠠᠮᠤᠷ ᠲᠥᠪᠰᠢᠨ ᠢ ᠬᠠᠮᠠᠭᠠᠯᠠᠨ᠎ᠠ᠃  ︵4︶ ᠬᠠᠤᠯᠢ ᠳᠤ ᠲᠣᠭᠲᠠᠭᠠᠭᠰᠠᠨ ᠪᠤᠰᠤᠳ ᠡᠭᠦᠷᠭᠡ ᠶᠢ ᠪᠡᠶᠡᠯᠡᠬᠦᠯᠦᠨ᠎ᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号