ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢ ᠶᠢᠨ ᠭᠤᠣᠯ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/6/17
  ᠨᠢᠭᠡ᠂ ᠦᠨᠳᠦᠰᠦᠨ ᠬᠠᠤᠯᠢ᠂ ᠬᠠᠤᠯᠢ ᠲᠦᠷᠢᠮ ᠪᠣᠯᠤᠨ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠪᠠ ᠲᠡᠭᠦᠨ ᠤ ᠪᠠᠶᠢᠩᠭᠤ ᠶᠢᠨ ᠬᠤᠷᠢᠶ᠎ᠠ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠷᠢᠭᠦᠯᠡᠭᠴᠢᠳ ᠤᠨ ᠪᠦᠯᠬᠦᠮ ᠤᠨ ᠰᠢᠢᠳᠪᠦᠷᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠨᠤᠯ ᠤᠨ ᠮᠡᠳᠡᠯᠭᠡ ᠶᠢ ᠰᠤᠷᠤᠯᠴᠠᠨ᠂ ᠲᠤᠰ ᠪᠡᠶ᠎ᠡ ᠶᠢᠨ ᠬᠡᠪ ᠴᠢᠨᠠᠷ ᠢᠶᠠᠨ ᠴᠢᠷᠮᠠᠶᠢᠨ ᠲᠡᠭᠡᠭᠰᠢᠯᠡᠬᠦᠯᠦᠨ᠎ᠡ᠃    ᠬᠤᠶᠠᠷ᠂ ᠦᠨᠳᠦᠰᠦᠨ ᠬᠠᠤᠯᠢ ᠪᠠ ᠬᠠᠤᠯᠢ ᠲᠦᠷᠢᠮ ᠢ ᠵᠢᠱᠢᠶᠡᠴᠢ ᠪᠠᠷ ᠵᠢᠷᠤᠮᠯᠠᠵᠤ᠂ ᠦᠢᠯᠡᠳᠪᠦᠷᠢᠯᠡᠯ᠂ ᠠᠵᠢᠯ ᠪᠣᠯᠤᠨ ᠨᠡᠶᠢᠭᠡᠮ ᠤᠨ ᠠᠵᠢᠯᠯᠠᠭ᠎ᠠ ᠶᠢᠨ ᠳᠤᠮᠳᠠ ᠦᠨᠳᠦᠰᠦᠨ ᠬᠠᠤᠯᠢ ᠪᠠ ᠬᠠᠤᠯᠢ ᠴᠠᠭᠠᠵᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠳᠤ ᠬᠠᠪᠰᠤᠷᠤᠨ ᠬᠠᠮᠵᠢᠯᠴᠠᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠲᠥᠯᠥᠭᠡᠯᠡᠭᠴᠢ ᠶᠢᠨ ᠡᠷᠬᠡ ᠲᠤᠰᠢᠶᠠᠯ ᠢᠶᠠᠨ  ᠲᠦᠪ ᠴᠢᠩᠭ᠎ᠠ ᠪᠠᠷ ᠭᠡᠷᠡᠭᠵᠢᠬᠦᠯᠦᠨ᠎ᠡ᠃    ᠭᠤᠷᠪᠠ᠂ ᠦᠨᠳᠦᠰᠦᠨ ᠬᠠᠤᠯᠢ᠂ ᠬᠠᠤᠯᠢ ᠲᠦᠷᠢᠮ ᠪᠠ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ  ᠴᠢᠬᠤᠯᠠ ᠠᠵᠢᠯ ᠤᠨ ᠲᠣᠬᠢᠷᠠᠭᠤᠯᠤᠯᠲᠠ ᠶᠢ ᠤᠬᠠᠭᠤᠯᠤᠨ᠎ᠠ᠃    ᠳᠥᠷᠪᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠳᠤ ᠴᠠᠭ ᠲᠤᠬᠠᠢ ᠳᠤᠨᠢ ᠣᠷᠣᠯᠴᠠᠵᠤ᠂ ᠶᠡᠭᠡ ᠬᠤᠷᠠᠯ ᠤᠨ ᠵᠥᠪᠯᠡᠬᠦ ᠵᠦᠢᠯ ᠢ ᠨᠠᠷᠢᠨ ᠬᠢᠨᠠᠮᠠᠭᠠᠢ ᠬᠢᠨᠠᠨ ᠵᠦᠪᠯᠡᠬᠦ ᠶᠢᠨ ᠬᠠᠮᠲᠤ ᠰᠠᠨᠠᠯ ᠢᠶᠠᠨ ᠢᠯᠡᠳᠭᠡᠨ  ᠰᠠᠨᠠᠭᠤᠯᠭ᠎ᠠ ᠪᠠᠨ ᠳᠤᠷᠠᠳᠴᠤ᠂ ᠶᠡᠭᠡ ᠬᠤᠷᠠᠯ ᠤᠨ ᠬᠤᠭᠤᠴᠠᠭᠠᠨ ᠳᠠᠬᠢ ᠠᠷᠠᠳ ᠤᠨ ᠲᠦᠯᠦᠭᠡᠯᠡᠭᠴᠢ  ᠶᠢᠨ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠵᠦ ᠡᠷᠬᠡ ᠲᠤᠰᠢᠶᠠᠯ ᠢᠶᠠᠨ ᠰᠠᠶᠢᠳᠤᠷ ᠭᠡᠷᠡᠭᠵᠢᠬᠦᠯᠦᠨ᠎ᠡ᠃    ᠲᠠᠪᠤ᠂ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ ᠵᠡᠷᠭᠡ ᠡᠯ᠎ᠡ ᠲᠦᠷᠦᠯ ᠤᠨ ᠠᠵᠢᠯᠯᠠᠭ᠎ᠠ ᠳᠤ ᠵᠢᠯ ᠪᠦᠷᠢ ᠠᠳᠠᠭ ᠲᠠᠭᠠᠨ ᠬᠤᠶᠠᠷ ᠤᠳᠠᠭ᠎ᠠ ᠤᠷᠤᠯᠴᠠᠵᠤ᠂ ᠲᠥᠯᠥᠭᠡᠯᠡᠭᠴᠢᠳ ᠤᠨ ᠳᠤᠭᠤᠶᠢᠯᠠᠩ ᠤᠨ ᠡᠯ᠎ᠡ ᠲᠦᠷᠦᠯ ᠤᠨ ᠠᠵᠢᠯᠯᠠᠭ᠎ᠠ ᠳᠤ ᠵᠢᠯ ᠪᠦᠷᠢ ᠠᠳᠠᠭ ᠲᠠᠭᠠᠨ ᠬᠤᠶᠠᠷ ᠤᠳᠠᠭ᠎ᠠ ᠤᠷᠤᠯᠴᠠᠨ᠎ᠠ᠃    ᠵᠢᠷᠭᠤᠭ᠎ᠠ᠂ ᠰᠤᠩᠭᠤᠭᠤᠯᠢ ᠶᠢᠨ ᠠᠷᠠᠳ ᠲᠠᠢ ᠨᠢᠭᠲᠠ ᠬᠠᠷᠢᠴᠠᠵᠤ᠂ ᠠᠷᠠᠳ ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠡ᠃  ᠲᠤᠭᠤᠷᠢᠵᠤ ᠰᠤᠷᠪᠤᠯᠵᠢᠯᠠᠬᠤ᠂ ᠰᠠᠭᠤᠵᠤ ᠶᠠᠷᠢᠯᠴᠠᠬᠤ᠂ ᠰᠣᠩᠭᠤᠭᠤᠯᠢ ᠶᠢᠨ ᠠᠷᠠᠳ ᠲᠠᠢ ᠠᠭᠤᠯᠵᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠨ᠂  ᠠᠷᠠᠳ ᠲᠦᠮᠡᠨ ᠤ ᠰᠠᠨᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠤᠨ ᠲᠤᠰᠬᠠᠵᠤ᠂ ᠠᠷᠠᠳ ᠲᠦᠮᠡᠨ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠦᠭᠴᠦ᠂  ᠠᠷᠠᠳ ᠲᠦᠮᠡᠨ ᠳᠤ  ᠠᠵᠢᠯ ᠤᠨ ᠮᠡᠳᠡᠭᠦᠯᠦᠯᠲᠡ ᠬᠢᠬᠦ ᠶᠢᠨ ᠬᠠᠮᠲᠤ ᠬᠢᠨᠠᠯᠳᠠ ᠪᠠ ᠦᠨᠡᠯᠡᠯᠲᠡ ᠶᠢ ᠨᠢ ᠬᠦᠯᠢᠶᠡᠵᠦ᠂ ᠠᠷᠠᠳ ᠲᠦᠮᠡᠨ ᠳᠤ ᠴᠢᠷᠮᠠᠶᠢᠨ ᠦᠢᠯᠡᠴᠢᠯᠡᠨ᠎ᠡ᠃    ᠳᠣᠯᠤᠭ᠎ᠠ᠂ ᠬᠤᠰᠢᠭᠤ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠥᠴᠢᠷ ᠤᠨ ᠠᠵᠢᠯ ᠤᠨ ᠲᠤᠬᠠᠶ  ᠤᠯᠠᠨ ᠲᠦᠮᠡᠨ ᠤ ᠰᠠᠨᠠᠯ ᠱᠠᠭᠠᠷᠳᠠᠯᠭ᠎ᠠ ᠶᠢ ᠰᠤᠨᠤᠰᠤᠨ ᠲᠤᠰᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠭᠦᠢᠴᠡᠳ ᠰᠠᠶᠢᠨ ᠤᠶᠢᠯᠠᠭᠠᠨ ᠲᠤᠰᠬᠠᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠪᠠᠷ ᠴᠢᠷᠮᠠᠶᠢᠨ᠎ᠠ  ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号