ᠰᠤᠮᠤ ᠰᠢᠶᠠᠩ ᠪᠠᠯᠭᠠᠰᠤᠨ ᠤ  ᠠᠷᠠᠳ ᠤᠨ ᠲᠦᠯᠦᠭᠡᠯᠡᠭᠴᠢᠳ ᠤᠨ ᠰᠤᠷᠤᠯᠴᠠᠯᠭ᠎ᠠ ᠶᠢᠨ ᠲᠦᠷᠢᠮ
ᠨᠡᠶᠢᠲᠡᠯᠡᠭᠰᠡᠨ ᠴᠠᠭ᠄
2024/6/17
   ᠨᠢᠭᠡ᠂ ᠲᠥᠪᠯᠡᠷᠡᠨ ᠰᠤᠷᠤᠯᠴᠠᠬᠤ᠂ ᠳᠤᠭᠤᠶᠢᠯᠠᠩ ᠬᠤᠪᠢᠶᠠᠵᠤ ᠰᠤᠷᠤᠯᠴᠠᠬᠤ᠂  ᠦᠪᠡᠷᠳᠡᠭᠡᠨ ᠰᠤᠷᠤᠯᠴᠠᠬᠤ᠂  ᠰᠤᠳᠤᠯᠤᠨ ᠶᠠᠷᠢᠯᠴᠠᠬᠤ ᠮᠡᠳᠦ ᠶᠢᠨ ᠠᠷᠭ᠎ᠠ ᠶᠢ ᠤᠶᠠᠯᠳᠤᠭᠤᠯᠵᠤ᠂ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠣᠳᠣᠯᠭ᠎ᠠ ᠶᠢ ᠰᠤᠷᠤᠯᠴᠠᠨ᠂  ᠦᠨᠳᠦᠰᠦᠨ ᠬᠠᠤᠯᠢ᠂ ᠬᠠᠤᠯᠢ ᠴᠠᠭᠠᠵᠠ ᠪᠠ ᠲᠦᠷᠢᠮ ᠲᠣᠭᠲᠠᠭᠠᠯ ᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶᠠᠳᠠᠢ ᠤᠨᠤᠯ ᠤᠨ ᠮᠡᠳᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠲᠣᠭᠲᠠᠭᠠᠯ ᠪᠠ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ᠂ ᠰᠢᠯᠢᠳᠡᠭ ᠠᠷᠠᠳ ᠤᠨ ᠲᠥᠯᠥᠭᠡᠯᠡᠭᠴᠢ ᠶᠢᠨ ᠦᠢᠯᠡ ᠠᠵᠢᠯᠯᠠᠭ᠎ᠠ ᠵᠡᠷᠭᠡ ᠶᠢ  ᠰᠤᠷᠤᠯᠴᠠᠨ᠎ᠠ᠃    ᠬᠤᠶᠠᠷ᠂  ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠵᠢᠯ ᠤᠨ ᠰᠤᠷᠤᠯᠴᠠᠬᠤ ᠲᠥᠯᠥᠪᠯᠡᠭᠡ ᠶᠢ ᠲᠤᠭᠳᠠᠭᠠᠵᠤ᠂  ᠪᠣᠳᠠᠲᠠᠶ ᠰᠤᠷᠤᠯᠴᠠᠬᠤ ᠱᠠᠭᠠᠷᠳᠠᠯᠭ᠎ᠠ ᠶᠢ ᠲᠤᠳᠤᠷᠬᠠᠶᠢᠯᠠᠨ᠎ᠠ᠃    ᠭᠤᠷᠪᠠ᠂  ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠵᠢᠯ ᠪᠦᠷᠢ ᠨᠢᠭᠡ ᠤᠳᠠᠭ᠎ᠠ ᠠᠷᠠᠳ ᠤᠨ ᠲᠥᠯᠥᠭᠡᠯᠡᠭᠴᠢᠳ ᠤᠨ ᠠᠵᠢᠯ ᠤᠨ ᠲᠤᠰᠬᠠᠢ ᠰᠡᠳᠦᠪᠲᠦ ᠲᠠᠶᠢᠯᠤᠮᠵᠢ ᠬᠢᠵᠦ᠂  ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠪᠤᠶᠤ ᠤᠳᠤᠷᠢᠳᠤᠯᠭ᠎ᠠ ᠶᠢ ᠤᠷᠢᠵᠤ ᠬᠢᠴᠢᠶᠡᠯ ᠤᠷᠤᠭᠤᠯᠤᠨ᠎ᠠ᠃  ᠡᠬᠦᠨ ᠤ ᠬᠠᠮᠳᠤ᠂ ᠵᠢᠯ ᠪᠦᠷᠢ ᠨᠢᠭᠡ ᠭᠤᠣᠯ ᠰᠡᠳᠦᠪ ᠤᠨ ᠲᠣᠭᠤᠷᠢᠨ ᠳᠤ ᠨᠢᠭᠡ ᠤᠳᠠᠭᠠᠨ ᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠤᠨᠤᠯ ᠤᠨ ᠲᠦᠪᠰᠢᠨ ᠪᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ᠃    ᠳᠥᠷᠪᠡ᠂ ᠲᠥᠯᠥᠭᠡᠯᠡᠭᠴᠢᠳ ᠤᠨ ᠳᠤᠭᠤᠶᠢᠯᠠᠩ ᠨᠢ ᠬᠠᠭᠠᠰ ᠵᠢᠯ ᠳᠤ ᠨᠢᠭᠡ ᠤᠳᠠᠭ᠎ᠠ ᠲᠦᠯᠦᠭᠡᠯᠡᠭᠴᠢᠳ ᠢᠶᠠᠨ ᠵᠣᠬᠢᠶᠠᠨ ᠪᠠᠶᠢᠭᠤᠯᠵᠤ ᠰᠤᠷᠤᠯᠴᠠᠭᠤᠯᠬᠤ ᠭᠡᠷᠡᠭᠳᠡᠢ᠂ ᠪᠣᠳᠠᠲᠠᠶ ᠰᠤᠷᠤᠯᠴᠠᠬᠤ ᠠᠭᠤᠯᠭ᠎ᠠ ᠶᠢ ᠲᠤᠰ ᠵᠢᠯ ᠤᠨ ᠰᠤᠷᠤᠯᠴᠠᠬᠤ ᠲᠥᠯᠥᠪᠯᠡᠭᠡ ᠶᠣᠰᠣᠭᠠᠷ ᠡᠯ᠎ᠡ ᠳᠤᠭᠤᠶᠢᠯᠠᠩ ᠠᠴᠠ ᠲᠣᠭᠲᠠᠭᠠᠬᠤ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠭᠠᠨ᠎ᠠ᠃    ᠲᠠᠪᠤ᠂ ᠦᠪᠡᠷᠳᠡᠭᠡᠨ ᠰᠤᠷᠤᠯᠴᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂  ᠲᠥᠯᠥᠭᠡᠯᠡᠭᠴᠢᠳ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠲᠣᠰ ᠪᠡᠶ᠎ᠡ ᠶᠢᠨ ᠠᠵᠢᠯ ᠤᠨ ᠱᠠᠭᠠᠷᠳᠠᠯᠭ᠎ᠠ ᠲᠠᠢ ᠪᠠᠨ ᠤᠶᠠᠯᠳᠤᠭᠤᠯᠤᠨ ᠰᠤᠷᠤᠯᠴᠠᠨ᠎ᠠ᠂  ᠬᠡᠬᠦ ᠳᠡᠭᠡᠨ ᠰᠤᠷᠤᠯᠴᠠᠯᠭ᠎ᠠ ᠶᠢᠨ ᠲᠡᠮᠳᠡᠭᠯᠡᠯ  ᠢ ᠡᠷᠭᠡᠪᠰᠢ ᠰᠠᠶᠢᠨ ᠬᠢᠬᠦ ᠬᠡᠷᠡᠭᠲᠡᠶ᠃    ᠵᠢᠷᠭᠤᠭ᠎ᠠ᠂ ᠲᠦᠯᠦᠭᠡᠯᠡᠭᠴᠢᠳ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠲᠥᠯᠥᠭᠡᠯᠡᠭᠴᠢᠳ ᠤᠨ ᠳᠤᠭᠤᠶᠢᠯᠠᠩ ᠤᠨ ᠵᠣᠬᠢᠶᠠᠨ ᠪᠠᠶᠢᠭᠤᠯᠤᠭᠰᠠᠨ ᠰᠤᠷᠤᠯᠴᠠᠯᠭ᠎ᠠ ᠪᠠ ᠶᠠᠷᠢᠯᠴᠠᠯᠭ᠎ᠠ ᠳᠤ ᠢᠳᠡᠪᠬᠢᠲᠡᠶ ᠤᠷᠤᠯᠴᠠᠨ᠂ ᠨᠠᠷᠢᠨ ᠨᠢᠮᠪᠠᠢ ᠲᠡᠮᠳᠡᠭᠯᠡᠯ ᠬᠢᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃    ᠳᠣᠯᠤᠭ᠎ᠠ᠂ ᠲᠥᠯᠥᠭᠡᠯᠡᠭᠴᠢ ᠨᠢᠬᠡᠪᠦᠷᠢ ᠰᠤᠷᠤᠯᠴᠠᠯᠭ᠎ᠠ ᠪᠤᠶᠤ ᠬᠦᠳᠡᠯᠪᠦᠷᠢ ᠠᠵᠢᠯᠯᠠᠭᠠᠨ ᠤ ᠠᠭᠤᠯᠭ᠎ᠠ ᠶᠢ ᠦᠨᠳᠦᠰᠦᠯᠡᠵᠦ ᠪᠠᠶᠢᠭᠠᠳ᠂ ᠰᠤᠮᠤ ᠰᠢᠶᠠᠩ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠢᠯ ᠪᠦᠷᠢ ᠠᠳᠠᠭ ᠲᠠᠭᠠᠨ ᠨᠢᠭᠡ ᠬᠤᠪᠢ ᠣᠯᠤᠯᠲᠠ ᠲᠥᠷᠥᠭᠳᠡᠯ ᠪᠤᠶᠤ ᠰᠤᠳᠤᠯᠤᠨ ᠶᠠᠷᠢᠯᠴᠠᠬᠤ ᠵᠣᠬᠢᠶᠠᠯ ᠪᠢᠴᠢᠬᠦ ᠬᠡᠷᠡᠭᠲᠡᠶ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号