ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠳᠦᠷᠢᠮ
ᠨᠡᠶᠢᠲᠡᠯᠡᠭᠰᠡᠨ ᠴᠠᠭ᠄
2024/6/17
   ᠨᠢᠭᠡ᠂ ᠠᠷᠠᠳ ᠤᠨ ᠲᠥᠯᠥᠭᠡᠯᠡᠭᠴᠢ ᠨᠢ ᠰᠣᠩᠭᠤᠭᠤᠯᠢ ᠶᠢᠨ ᠲᠣᠭᠤᠷᠢᠭ ᠪᠠ ᠦᠨᠳᠦᠰᠦᠨ ᠱᠠᠲᠤᠨ ᠳᠤ ᠦᠷᠭᠦᠯᠵᠢ ᠭᠦᠨᠵᠡᠭᠡᠶᠢᠷᠡᠵᠦ᠂ ᠲᠣᠭᠲᠠᠮᠠᠯ ᠬᠤᠭᠤᠴᠠᠭ᠎ᠠ ᠪᠠ ᠲᠣᠭᠲᠠᠮᠠᠯ ᠪᠤᠰᠤ ᠬᠤᠭᠤᠴᠠᠭ᠎ᠠ ᠲᠠᠢ ᠬᠠᠷᠢᠯᠴᠠᠬᠤ᠂ ᠲᠤᠬᠢᠶᠠᠯ ᠢᠶᠠᠷ  ᠬᠠᠷᠢᠯᠴᠠᠬᠤ ᠪᠤᠶᠤ ᠪᠤᠯᠵᠤᠨ ᠬᠠᠷᠢᠯᠴᠠᠬᠤ᠂ ᠨᠢᠭᠤᠷᠳᠠᠨ ᠶᠠᠷᠢᠯᠴᠠᠬᠤ ᠪᠤᠶᠤ ᠤᠲᠠᠰᠤ ᠵᠠᠬᠢᠶ᠎ᠠ ᠪᠠᠷ ᠬᠠᠷᠢᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠰᠣᠩᠭᠤᠭᠤᠯᠢ ᠶᠢᠨ ᠠᠷᠠᠳ ᠲᠠᠢ ᠢᠳᠡᠪᠬᠢᠲᠡᠢ  ᠪᠦᠭᠡᠳ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠠᠷᠠᠳ ᠤᠯᠠᠨ ᠲᠠᠢ  ᠬᠠᠷᠢᠴᠠᠭ᠎ᠠ ᠪᠠᠨ ᠨᠢᠬᠳᠠᠷᠠᠭᠤᠯᠤᠨ᠂ ᠲᠡᠳᠡᠨ ᠤ ᠰᠠᠨᠠᠯ ᠱᠠᠭᠠᠷᠳᠠᠯᠭ᠎ᠠ ᠶᠢ ᠰᠣᠨᠣᠰᠴᠤ ᠲᠤᠰᠬᠠᠬᠤ ᠬᠡᠷᠡᠭᠲᠡᠢ᠃    ᠬᠤᠶᠠᠷ᠂ ᠠᠷᠠᠳ ᠤᠨ ᠲᠥᠯᠥᠭᠡᠯᠡᠭᠴᠢ ᠨᠢᠭᠡᠪᠦᠷᠢ 3 ᠰᠣᠩᠭᠤᠭᠤᠯᠢ ᠶᠢᠨ ᠠᠷᠠᠳ ᠲᠠᠢ ᠲᠣᠭᠲᠠᠮᠠᠯ ᠬᠠᠷᠢᠯᠴᠠᠭ᠎ᠠ ᠪᠠᠶᠢᠭᠤᠯᠵᠤ᠂ ᠪᠠᠶᠢᠩᠭᠤ ᠬᠠᠷᠢᠯᠴᠠᠬᠤ ᠶᠢ ᠪᠠᠲᠤᠯᠠᠬᠤ ᠬᠡᠷᠡᠭᠲᠡᠶ᠃    ᠭᠤᠷᠪᠠ᠂ ︽ᠠᠷᠠᠳ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠭᠥᠯᠢᠶᠡᠨ ᠠᠪᠬᠤ ᠡᠳᠦᠷ︾ ᠤᠨ ᠠᠵᠢᠯᠯᠠᠭ᠎ᠠ ᠶᠢ ᠵᠢᠯ ᠳᠤ ᠠᠳᠠᠭ ᠲᠠᠭᠠᠨ ᠬᠤᠶᠠᠷ ᠤᠳᠠᠭ᠎ᠠ ᠦᠷᠨᠢᠬᠦᠯᠦᠨ᠎ᠡ᠂ ︽ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾ ᠶᠢᠨ ᠰᠣᠩᠭᠤᠭᠤᠯᠢ ᠶᠢᠨ ᠠᠷᠠᠳ ᠢ ᠭᠥᠯᠢᠶᠡᠨ ᠠᠪᠬᠤ ᠴᠠᠭ ᠬᠤᠭᠤᠴᠠᠭ᠎ᠠ ᠶᠢ ᠲᠤᠳᠤᠷᠬᠠᠶᠢᠯᠠᠵᠤ᠂ ᠰᠠᠷ᠎ᠠ ᠪᠦᠷᠢ ᠶᠢᠨ ᠭᠥᠯᠢᠶᠡᠨ ᠠᠪᠬᠤ ᠡᠳᠦᠷ ᠢ ︽ᠠᠷᠠᠳ ᠤᠨ ᠲᠦᠯᠦᠭᠡᠯᠡᠭᠴᠢᠳ ᠤᠨ ᠬᠡᠷ︾ ᠤᠨ ᠪᠣᠳᠠᠲᠠᠶ ᠪᠠᠶᠢᠳᠠᠯ ᠢ ᠦᠨᠳᠦᠰᠦᠯᠡᠨ ᠭᠥᠯᠢᠶᠡᠨ ᠠᠪᠬᠤ ᠴᠠᠭ ᠢ ᠦᠪᠡᠷᠳᠡᠭᠡᠨ ᠳᠣᠭᠢᠷᠠᠭᠤᠯᠵᠤ ᠪᠣᠯᠤᠨ᠎ᠠ᠂ ᠪᠠᠰᠠ ᠠᠷᠠᠳ ᠤᠨ ᠲᠦᠯᠦᠭᠡᠯᠡᠭᠴᠢ ᠰᠣᠩᠭᠤᠭᠤᠯᠢ ᠶᠢᠨ ᠠᠷᠠᠳ ᠲᠠᠢ ᠪᠤᠯᠵᠤᠬᠤ᠂ ᠰᠣᠩᠭᠤᠭᠤᠯᠢ ᠶᠢᠨ ᠠᠷᠠᠳ ᠠᠷᠠᠳ ᠤᠨ ᠲᠦᠯᠦᠭᠡᠯᠡᠭᠴᠢ ᠲᠠᠢ  ᠪᠤᠯᠵᠤᠬᠤ ᠬᠡᠯᠪᠡᠷᠢ ᠪᠠᠷ ᠬᠠᠷᠢᠯᠴᠠᠵᠤ ᠪᠣᠯᠤᠨ᠎ᠠ᠃     ᠲᠦᠷᠪᠡ᠂ ᠬᠤᠷᠠᠯ ᠠᠴᠠ ᠡᠮᠦᠨ᠎ᠡ ᠪᠠᠶᠢᠴᠠᠭᠠᠨ ᠦᠵᠡᠬᠦ᠂ ᠠᠷᠠᠳ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ᠂ ᠵᠠᠬᠢᠳᠠᠯ ᠤᠨ ᠬᠠᠶᠢᠷᠴᠠᠭ ᠲᠤᠬᠢᠷᠠᠭᠤᠯᠬᠤ ᠪᠠ ᠤᠲᠠᠰᠤ ᠠᠪᠬᠤ ᠵᠡᠷᠭᠡ ᠠᠷᠭ᠎ᠠ ᠮᠠᠶ᠋ᠢᠭ  ᠢᠶᠠᠷ ᠰᠣᠩᠭᠤᠭᠤᠯᠢ ᠶᠢᠨ ᠠᠷᠠᠳ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠳᠤᠮᠳᠠ ᠬᠦᠨᠵᠡᠬᠡᠶᠢᠷᠡᠨ᠂ ᠠᠷᠠᠳ  ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠰᠠᠨᠠᠭ᠎ᠠ ᠶᠢ ᠲᠤᠰᠬᠠᠵᠤ᠂  ᠡᠯ᠎ᠡ ᠲᠦᠷᠦᠯ ᠤᠨ ᠠᠵᠢᠯ ᠢ ᠠᠷᠠᠳ ᠤᠨ ᠰᠠᠨᠠᠭᠠᠨ ᠳᠤ  ᠨᠡᠶᠢᠴᠡᠬᠦᠯᠦᠨ᠂ ᠠᠷᠠᠳ ᠤᠨ ᠠᠮᠢᠳᠤᠷᠠᠯ ᠲᠠᠢ ᠣᠶᠢᠷᠠᠲᠤᠭᠤᠯᠤᠨ᠎ᠠ᠃    ᠲᠠᠪᠤ᠂ ᠴᠢᠬᠤᠯᠠ ᠪᠠᠶᠠᠷ ᠳᠤᠷᠠᠰᠬᠠᠯ ᠤᠨ ᠡᠳᠦᠷ ᠪᠣᠯᠤᠨ ᠠᠮᠠᠷᠠᠯᠲᠠ ᠶᠢᠨ ᠡᠳᠦᠷ ᠢ ᠠᠰᠢᠭᠯᠠᠨ᠂ ᠰᠣᠩᠭᠤᠭᠤᠯᠢ ᠶᠢᠨ ᠠᠷᠠᠳ ᠢ ᠭᠤᠤᠯᠳᠠᠯᠭ᠎ᠠ ᠲᠠᠢ ᠡᠷᠭᠢᠨ ᠰᠤᠷᠪᠤᠯᠵᠢᠯᠠᠵᠤ᠂ ᠰᠣᠩᠭᠤᠭᠤᠯᠢ ᠶᠢᠨ ᠠᠷᠠᠳ ᠲᠠᠢ ᠬᠠᠷᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃    ᠵᠢᠷᠭᠤᠭ᠎ᠠ᠂ ᠠᠷᠠᠳ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠳᠠᠭᠠᠨ ᠰᠣᠩᠭᠤᠭᠤᠯᠢ ᠶᠢᠨ ᠠᠷᠠᠳ ᠪᠠ ᠠᠷᠠᠳ ᠣᠯᠠᠨ ᠤ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠠᠩᠬᠠᠷᠤᠨ ᠴᠤᠭᠯᠠᠭᠤᠯᠵᠤ᠂ ᠨᠠᠷᠢᠨ ᠬᠢᠨᠠᠮᠠᠭᠠᠶ ᠲᠡᠮᠳᠡᠭᠯᠡᠬᠦ ᠶᠢᠨ ᠬᠠᠮᠲᠤ᠂ ᠴᠠᠭ ᠲᠤᠬᠠᠶ ᠳᠤᠨᠢ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠢᠶᠠᠷ ᠲᠠᠮᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠬᠤ ᠪᠠᠷ ᠪᠠᠷᠠᠬᠤ ᠦᠬᠡᠢ ᠲᠡᠳᠡᠨ ᠢ ᠱᠠᠭᠠᠷᠳᠠᠵᠤ ᠪᠠᠶᠢᠭᠠᠳ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠬᠡᠷᠡᠭᠲᠡᠶ᠃    ᠳᠣᠯᠤᠭ᠎ᠠ᠂ ᠠᠷᠠᠳ ᠤᠨ ᠲᠥᠯᠥᠭᠡᠯᠡᠭᠴᠢ ᠨᠢ ᠰᠣᠩᠭᠤᠭᠤᠯᠢ ᠶᠢᠨ ᠠᠷᠠᠳ ᠲᠠᠢ ᠬᠠᠷᠢᠯᠴᠠᠭᠰᠠᠨ ᠪᠠᠶᠢᠳᠠᠯ ᠢᠶᠠᠨ ᠨᠠᠷᠢᠨ ᠨᠢᠮᠪᠠᠢ ᠲᠡᠮᠳᠡᠭᠯᠡᠵᠦ᠂  ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠵᠤ᠂ ᠡᠮᠬᠢᠯᠡᠵᠦ᠂ ᠬᠤᠷᠢᠶᠠᠩᠭᠤᠶᠢᠯᠠᠬᠤ ᠬᠡᠷᠡᠭᠲᠡᠶ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号