ᠰᠤᠮᠤ ᠰᠢᠶᠠᠩ ᠪᠠᠯᠭᠠᠰᠤᠨ ᠤ  ︽ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾ ᠶᠢᠨ ᠠᠵᠢᠯᠯᠠᠭᠠᠨ ᠤ ᠳᠦᠷᠢᠮ
ᠨᠡᠶᠢᠲᠡᠯᠡᠭᠰᠡᠨ ᠴᠠᠭ᠄
2024/6/17
   ᠨᠢᠭᠡ᠂  ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠪᠣᠯ ᠶᠡᠭᠡ ᠬᠤᠷᠠᠯ ᠲᠡᠭᠦᠰᠦᠭᠰᠡᠨ ᠬᠤᠭᠤᠴᠠᠭᠠᠨ ᠳᠤ ᠲᠥᠯᠥᠭᠡᠯᠡᠭᠴᠢᠳ ᠤᠨ ᠬᠦᠳᠡᠯᠪᠦᠷᠢ ᠠᠵᠢᠯᠯᠠᠭ᠎ᠠ᠂ ᠰᠤᠷᠤᠯᠴᠠᠯᠭ᠎ᠠ ᠪᠤᠯᠪᠠᠰᠤᠷᠠᠯ ᠪᠠ ᠲᠥᠯᠥᠭᠡᠯᠡᠭᠴᠢ ᠶᠢᠨ ᠠᠵᠢᠯ ᠢ ᠰᠤᠳᠤᠯᠬᠤ᠂ ᠬᠠᠷᠢᠯᠴᠠᠨ ᠨᠡᠪᠲᠡᠷᠡᠯᠴᠡᠵᠦ ᠰᠣᠯᠢᠯᠴᠠᠬᠤ ᠲᠠᠪᠴᠠᠩ᠂  ᠰᠤᠩᠭᠤᠭᠤᠯᠢ ᠶᠢᠨ ᠠᠷᠠᠳ ᠲᠠᠢ ᠬᠠᠷᠢᠯᠴᠠᠨ ᠨᠡᠪᠳᠡᠷᠡᠯᠴᠡᠵᠦ ᠰᠤᠯᠢᠯᠴᠠᠬᠤ ᠲᠠᠪᠴᠠᠩ᠂ ᠦᠨᠳᠦᠰᠦᠨ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨᠴᠢ ᠴᠢᠨᠠᠷᠳᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠯᠤᠭ᠎ᠠ ᠬᠠᠷᠢᠯᠴᠠᠨ ᠨᠡᠪᠳᠡᠷᠡᠯᠴᠡᠵᠦ ᠣᠶᠢᠯᠠᠭᠠᠯᠴᠠᠬᠤ ᠲᠠᠪᠴᠠᠩ ᠪᠤᠯᠤᠨ᠎ᠠ᠃    ᠬᠤᠶᠠᠷ᠂ ᠲᠤᠰ ᠰᠣᠩᠭᠤᠭᠤᠯᠢ ᠶᠢᠨ ᠲᠣᠭᠤᠷᠢᠭ ᠤᠨ ᠢᠶᠠᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠶᠢᠨ ᠵᠣᠬᠢᠶᠠᠨ ᠪᠠᠶᠢᠭᠤᠯᠤᠭᠰᠠᠨ ᠠᠵᠢᠯᠯᠠᠭ᠎ᠠ ᠳᠤ ᠣᠷᠣᠯᠴᠠᠭᠤᠯᠤᠨ᠎ᠠ᠃  ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠶᠢᠨ ᠠᠵᠢᠯᠯᠠᠭ᠎ᠠ ᠶᠢ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠭᠤᠤᠯᠯᠠᠨ ᠠᠳᠬᠤᠵᠤ᠂  ᠭᠠᠴᠠᠭ᠎ᠠ ᠲᠤᠰᠬᠤᠨ ᠤ ᠨᠠᠮ ᠤᠨ ᠡᠭᠦᠷ ᠪᠣᠳᠠᠲᠠᠶ ᠬᠠᠷᠢᠭᠤᠴᠠᠨ᠎ᠠ᠃    ᠭᠤᠷᠪᠠ᠂ ︽ᠠᠷᠠᠳ ᠤᠨ ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠶᠢᠨ ᠠᠵᠢᠯᠯᠠᠭᠠᠨ ᠤ ᠠᠭᠤᠯᠭ᠎ᠠ᠄ ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠰᠤᠷᠤᠯᠴᠠᠵᠤ᠂ ᠴᠠᠭ ᠤᠨ ᠪᠠᠶᠢᠳᠠᠯ ᠤᠯᠤᠰ ᠲᠥᠷᠥ ᠶᠢ ᠰᠤᠷᠤᠯᠴᠠᠵᠤ᠂ ᠲᠥᠯᠥᠭᠡᠯᠡᠭᠴᠢᠳ ᠤᠨ ᠤᠯᠤᠰ ᠲᠥᠷᠥ᠂ ᠬᠠᠤᠯᠢ ᠴᠠᠭᠠᠵᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠴᠢᠩᠭᠠᠳᠬᠠᠨ᠎ᠠ᠃ ︵ᠬᠤᠶᠠᠷ︶ ᠰᠤᠩᠭᠤᠭᠤᠯᠢ ᠶᠢᠨ ᠠᠷᠠᠳ ᠪᠤᠯᠤᠨ ᠠᠷᠠᠳ ᠤᠯᠠᠨ ᠲᠠᠢ ᠨᠢᠭᠳᠠ ᠬᠠᠷᠢᠯᠴᠠᠵᠤ᠂ ᠲᠦᠯᠦᠭᠡᠯᠡᠭᠴᠢ ᠨᠢᠬᠡᠪᠦᠷᠢ ᠵᠢᠯ ᠳᠤ ᠠᠳᠠᠭ ᠲᠠᠭᠠᠨ  3 ᠰᠤᠩᠭᠤᠭᠤᠯᠢ ᠶᠢᠨ ᠠᠷᠠᠳ ᠲᠠᠢ ᠲᠤᠭᠳᠠᠮᠠᠯ ᠬᠠᠷᠢᠯᠴᠠᠭ᠎ᠠ ᠪᠠᠶᠢᠭᠤᠯᠵᠤ  ᠂ ᠠᠷᠠᠳ ᠤᠨ ᠲᠥᠯᠥᠭᠡᠯᠡᠭᠴᠢ ᠶᠢᠨ ᠬᠦᠯᠢᠶᠡᠨ ᠠᠪᠬᠤ ᠡᠳᠦᠷ ᠤᠨ ᠠᠵᠢᠯᠯᠠᠭ᠎ᠠ ᠶᠢ ᠠᠮᠢᠳᠤᠯᠢᠭ ᠢᠶᠠᠷ ᠦᠷᠨᠢᠬᠦᠯᠦᠨ᠂ ᠰᠣᠩᠭᠤᠭᠤᠯᠢ ᠶᠢᠨ ᠠᠷᠠᠳ ᠪᠣᠯᠤᠨ ᠤᠯᠠᠨ ᠲᠦᠮᠡᠨ ᠢ ᠡᠬᠡᠯᠵᠢ ᠬᠠᠯᠠᠭ᠎ᠠ ᠲᠠᠢ ᠬᠦᠯᠢᠶᠡᠨ ᠠᠪᠤᠨ᠎ᠠ᠃  ︵ᠭᠤᠷᠪᠠ︶ ᠲᠤᠰ ᠬᠠᠷᠢᠶ᠎ᠠ ᠣᠷᠣᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠶᠠᠪᠤᠳᠠᠯ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ  ᠴᠢᠬᠤᠯᠠ ᠠᠰᠠᠭᠤᠳᠠᠯ ᠤᠨ ᠲᠣᠭᠤᠷᠢᠨ ᠳᠤ᠂ ᠪᠠᠶᠢᠴᠠᠭᠠᠨ ᠦᠵᠡᠬᠦ ᠪᠠᠶᠢᠴᠠᠭᠠᠨ ᠰᠤᠳᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠰᠠᠨᠠᠯ ᠰᠠᠨᠠᠭᠤᠯᠭ᠎ᠠ ᠳᠤᠷᠠᠳᠤᠨ᠎ᠠ᠃ ︵ᠳᠥᠷᠪᠡ︶   ᠠᠵᠢᠯ ᠤᠨ ᠠᠷᠭ᠎ᠠ ᠲᠤᠷᠰᠢᠯᠭ᠎ᠠ ᠪᠠᠨ ᠰᠣᠯᠢᠯᠴᠠᠵᠤ᠂  ᠠᠷᠠᠳ ᠤᠨ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠴᠢᠳᠠᠪᠤᠷᠢ  ᠶᠢ ᠲᠡᠭᠡᠭᠰᠢᠯᠡᠬᠦᠯᠦᠨ᠎ᠡ᠃ ︵ᠲᠠᠪᠤ︶︶ ᠡᠯ᠎ᠡ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠦᠴᠢᠷᠳᠡᠯᠲᠡᠢ ᠤᠯᠠᠨ ᠲᠦᠮᠡᠨ ᠳᠤ ᠲᠤᠰᠠᠯᠠᠮᠵᠢ ᠦᠵᠡᠬᠦᠯᠦᠨ᠎ᠡ᠃    ᠳᠥᠷᠪᠡ᠂ ︽ ᠬᠠᠷᠢᠯᠴᠠᠬᠤ ᠦᠷᠳᠡᠭᠡ︾ ᠶᠢᠨ ᠠᠵᠢᠯᠯᠠᠭᠠᠨ ᠤ ᠱᠠᠭᠠᠷᠳᠠᠯᠭ᠎ᠠ᠄ ︵ᠨᠢᠭᠡ︶ ᠲᠦᠯᠦᠪᠯᠡᠭᠡᠳᠦ ᠴᠢᠨᠠᠷ ᠢ ᠴᠢᠩᠭᠠᠳᠬᠠᠨ᠎ᠠ᠃ ᠵᠢᠯ ᠤᠨ ᠡᠬᠢᠨ ᠳᠤ ᠠᠷᠠᠳ ᠤᠨ ᠲᠥᠯᠥᠭᠡᠯᠡᠭᠴᠢᠳ ᠲᠠᠢ ᠬᠠᠮᠲᠤ ᠪᠠᠷ ᠲᠤᠰ ᠵᠢᠯ ᠤᠨ ᠠᠵᠢᠯ ᠤᠨ ᠲᠣᠬᠢᠷᠠᠭᠤᠯᠤᠯᠲᠠ ᠶᠢ ᠵᠥᠪᠳᠡᠯᠴᠡᠵᠦ᠂  ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠤᠭᠳᠠᠭᠠᠨ᠂  ᠠᠵᠢᠯᠯᠠᠭᠠᠨ ᠤ ᠪᠣᠳᠠᠲᠠᠶ ᠴᠠᠭ ᠪᠠ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ  ︽ᠠᠷᠠᠳ ᠤᠨ ᠲᠥᠯᠥᠭᠡᠯᠡᠭᠴᠢᠳ ᠤᠨ ᠬᠡᠷ︾ ᠲᠤ ᠨᠡᠶᠢᠳᠡᠯᠡᠨ᠎ᠡ᠃  ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠤᠯᠤᠭᠠᠶᠢᠯᠠᠨ᠂  ᠭᠠᠴᠠᠭ᠎ᠠ ᠲᠤᠰᠬᠤᠨ ᠤ ᠨᠠᠮ ᠤᠨ ᠡᠭᠦᠷ ᠨᠢ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠠᠵᠢᠯᠯᠠᠭ᠎ᠠ ᠶᠢ ᠪᠣᠳᠠᠲᠠᠶ ᠪᠠᠷ ᠦᠷᠨᠢᠬᠦᠯᠦᠨ᠎ᠡ᠃ ︵ᠬᠤᠶᠠᠷ︶  ᠪᠦᠲᠦᠮᠵᠢᠲᠦ ᠴᠢᠨᠠᠷ ᠢ ᠴᠢᠩᠭᠠᠳᠬᠠᠨ᠎ᠠ᠃ ᠠᠵᠢᠯᠯᠠᠭᠠᠨ ᠤ ᠵᠣᠷᠢᠯᠭᠠᠲᠤ ᠴᠢᠨᠠᠷ ᠢ ᠴᠢᠬᠤᠯᠠᠴᠢᠯᠠᠵᠤ᠂ ᠬᠡᠯᠪᠡᠷᠢ ᠶᠢᠨ ᠲᠡᠳᠦᠢ ᠬᠢᠵᠦ᠂ ᠶᠣᠰᠣᠨ ᠤ ᠲᠡᠳᠦᠢ ᠥᠩᠭᠡᠷᠡᠭᠦᠯᠬᠦ ᠶᠢ ᠴᠢᠩᠭ᠎ᠠ ᠴᠡᠭᠡᠷᠯᠡᠬᠦ ᠬᠡᠷᠡᠭᠲᠡᠶ᠃  ᠠᠷᠠᠳ ᠤᠨ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠢ ᠣᠶᠢᠯᠠᠭᠠᠬᠤ᠂ ᠵᠠᠰᠠᠭ ᠤᠨ ᠶᠠᠪᠤᠳᠠᠯ ᠳᠤ ᠤᠷᠤᠯᠴᠠᠬᠤ᠂ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠳᠤ ᠳᠥᠭᠦᠮ ᠨᠥᠬᠦᠴᠡᠯ ᠬᠠᠩᠭᠠᠵᠤ᠂ ᠦᠢᠯᠡᠴᠢᠯᠡᠭᠡ ᠶᠢ ᠰᠠᠶᠢᠨ ᠬᠢᠬᠦ ᠬᠡᠷᠡᠭᠲᠡᠢ᠃  ︵ᠭᠤᠷᠪᠠ ︶ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠠᠵᠢᠯᠯᠠᠭ᠎ᠠ ᠥᠷᠨᠢᠭᠦᠯᠬᠦ ᠠᠴᠠ ᠡᠮᠦᠨ᠎ᠡ᠂  ᠲᠦᠰᠦᠪ ᠲᠦᠯᠦᠪᠯᠡᠭᠡ  ᠪᠠᠨ ᠨᠠᠷᠢᠯᠢᠭ ᠲᠤᠭᠳᠠᠭᠠᠵᠤ᠂  ᠠᠵᠢᠯᠯᠠᠭᠠᠨ ᠤ ᠴᠠᠭ᠂ ᠭᠠᠵᠠᠷ᠂ ᠪᠣᠳᠠᠲᠠᠶ ᠠᠭᠤᠯᠭ᠎ᠠ  ᠪᠠ ᠱᠠᠭᠠᠷᠳᠠᠯᠭ᠎ᠠ ᠶᠢ ᠲᠥᠯᠥᠭᠡᠯᠡᠭᠴᠢᠳ ᠲᠤ ᠮᠡᠳᠡᠭᠦᠯᠬᠦ ᠶᠢᠨ ᠬᠠᠮᠲᠤ᠂ ᠲᠦᠯᠦᠭᠡᠯᠡᠭᠴᠢᠳ ᠢ ᠬᠠᠪᠰᠤᠷᠤᠨ ᠴᠢᠬᠤᠯᠠ ᠪᠦᠬᠦᠢ ᠪᠠᠶᠢᠴᠠᠭᠠᠨ ᠰᠤᠳᠤᠯᠤᠯᠲᠠ ᠬᠢᠵᠦ᠂ ᠠᠵᠢᠯᠯᠠᠭᠠᠨ ᠤ ᠠᠭᠤᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠬᠤ ᠬᠡᠷᠡᠭᠲᠡᠶ᠃ ︵ᠳᠥᠷᠪᠡ︶ ᠬᠠᠮᠢᠶᠠᠷᠤᠯᠲᠠ ᠶᠢ  ᠲᠦᠷᠢᠮᠵᠢᠬᠦᠯᠦᠨ᠎ᠡ᠃ ᠠᠵᠢᠯᠯᠠᠭᠠᠨ ᠤ ᠲᠡᠮᠳᠡᠭᠯᠡᠯ ᠪᠠ ᠬᠠᠮᠢᠶᠠᠷᠤᠯᠲᠠ ᠶᠢ ᠰᠠᠶᠢᠨ ᠬᠢᠵᠦ᠂ ᠠᠷᠠᠳ ᠤᠨ ᠲᠥᠯᠥᠭᠡᠯᠡᠭᠴᠢᠳ ᠲᠡᠮᠳᠡᠭᠯᠡᠯ ᠤᠨ ᠬᠦᠰᠦᠨᠦᠭᠳᠦ ᠶᠢ ᠨᠠᠷᠢᠨ ᠬᠢᠨᠠᠮᠠᠭᠠᠶ ᠲᠠᠭᠯᠠᠨ᠂ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ ︵ᠲᠠᠪᠤ︶  ᠠᠷᠭ᠎ᠠ ᠲᠤᠷᠰᠢᠯᠭ᠎ᠠ ᠪᠠᠨ ᠳ᠋ᠦᠩᠨᠡᠵᠦ ᠦᠷ᠎ᠡ ᠪᠦᠳᠦᠮᠵᠢ ᠪᠠᠨ ᠲᠡᠭᠡᠭᠰᠢᠯᠡᠬᠦᠯᠦᠨ᠎ᠡ᠃ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠡᠷᠢᠵᠦ ᠭᠠᠷᠭᠠᠨ᠂  ᠲᠦᠷᠢᠮ ᠲᠤᠭᠳᠠᠴᠠ ᠪᠠᠨ ᠲᠡᠬᠦᠯᠳᠡᠷᠵᠢᠬᠦᠯᠵᠦ ᠠᠷᠭ᠎ᠠ ᠪᠠᠷᠢᠯ ᠢᠶᠠᠨ ᠰᠠᠶᠢᠵᠢᠷᠠᠭᠤᠯᠬᠤ ᠪᠠᠷ ᠲᠠᠮᠵᠢᠭᠠᠳ ᠠᠵᠢᠯᠯᠠᠭᠠᠨ ᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号