ᠲᠠᠶᠢᠹᠤᠰᠧ ᠬᠤᠰᠢᠭᠤ ︽ᠠᠶᠤᠯᠬᠦᠢ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/6/18
  6 ᠰᠠᠷ᠎ᠠ ᠶᠢᠨ 16 ᠤ ᠡᠳᠦᠷ᠂ ᠲᠠᠶᠢᠹᠤᠰᠧ ᠬᠤᠰᠢᠭᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠪᠠᠷ ᠭᠤᠣᠯ ᠰᠡᠳᠦᠪ ᠪᠣᠯᠭᠠᠭᠰᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠰᠠᠭᠤᠨ ᠯᠠᠪᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃ ᠠᠬᠤᠢ ᠲᠠᠯᠠᠪᠠᠶ ᠳᠤ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠬᠦᠨ ᠨᠢᠭᠡᠴᠡ ᠨᠢ ᠦᠪᠡᠷ ᠦᠪᠡᠷ ᠤᠨ ᠡᠭᠦᠷᠭᠡ ᠴᠢᠳᠠᠮᠵᠢ ᠲᠠᠢ ᠪᠠᠨ ᠤᠶᠠᠯᠳᠤᠭᠤᠯᠵᠤ᠂ ᠠᠰᠠᠭᠤᠨ ᠯᠠᠪᠯᠠᠬᠤ ᠲᠠᠪᠴᠠᠩ  ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ  ︵1000 ᠭᠠᠷᠤᠶ ᠬᠤᠪᠢ︶ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠡᠯ᠎ᠡ ᠲᠥᠷᠥᠯ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠤᠭᠰᠠᠨ ᠪᠠᠶᠢᠨ᠎ᠠ᠃ ᠠᠵᠤ ᠠᠬᠤᠶᠢᠯᠠᠯ ᠤᠨ ᠲᠥᠯᠥᠭᠡᠯᠡᠭᠴᠢ ᠠᠴᠠ ᠪᠠᠰᠠ ᠠᠬᠤᠢ ᠲᠠᠯᠠᠪᠠᠶ ᠳᠤ ᠠᠶᠤᠯᠬᠦᠢ ᠦᠢᠯᠡᠳᠪᠦᠷᠢᠯᠡᠯ ᠢ ᠪᠠᠳᠤᠯᠠᠬᠤ ᠠᠮᠠᠯᠠᠯᠳᠠ ᠲᠠᠩᠭᠠᠷᠢᠭ ᠬᠢᠵᠡᠢ᠃  ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠠᠳ᠂ ᠠᠶᠤᠯᠭᠦᠢ ᠦᠢᠯᠡᠳᠪᠦᠷᠢᠯᠡᠯ ᠤᠨ ᠲᠦᠷᠦ ᠶᠢᠨ ᠪᠤᠳᠤᠯᠭ᠎ᠠ ᠬᠠᠤᠯᠢ ᠲᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ  ᠭᠡᠰᠢᠬᠦᠨ ᠨᠢᠭᠡᠴᠡ ᠵᠢᠴᠢ ᠬᠠᠷᠢᠶ᠎ᠠ ᠣᠷᠣᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠳ ᠤᠨ ᠬᠢᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号