ᠬᠤᠩ ᠴᠢ ᠪᠠᠯᠭᠠᠰᠤ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
  6 ᠰᠠᠷ᠎ᠠ ᠶᠢᠨ 17 ᠤ ᠡᠳᠦᠷ᠂ ᠬᠤᠩ ᠴᠢ ᠪᠠᠯᠭᠠᠰᠤ ᠺᠠᠳ᠋ᠷ ᠠᠵᠢᠯᠳᠠᠳ ᠤᠨ ᠶᠡᠭᠡ ᠬᠤᠷᠠᠯ ᠬᠤᠷᠠᠯᠳᠤᠭᠤᠯᠵᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠵᠠᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠢ ᠡᠷᠬᠢᠯᠡᠵᠦ᠂ ᠪᠦᠬᠦ ᠪᠠᠯᠭᠠᠰᠤᠨ ᠤ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠨᠢ ᠣᠶᠢᠷ᠎ᠠ ᠶᠢᠨ ᠬᠤᠭᠤᠴᠠᠭᠠᠨ ᠳᠤ ᠬᠤᠩ ᠴᠢ ᠪᠠᠯᠭᠠᠰᠤᠨ ᠤ ᠨᠠᠮ ᠤᠨ ᠬᠤᠷᠢᠶ᠎ᠠ ᠪᠠ ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ  ᠲᠤᠭᠤᠷᠢᠨ ᠪᠠᠶᠢᠴᠠᠭᠠᠯᠲᠠ ᠬᠢᠬᠦ ᠪᠠᠷ ᠪᠠᠶᠢᠭ᠎ᠠ  ᠂  ᠡᠨᠡ ᠤᠳᠠᠭᠠᠨ ᠤ ᠲᠤᠭᠤᠷᠢᠨ ᠪᠠᠶᠢᠴᠠᠭᠠᠯᠲᠠ ᠪᠣᠯ ᠪᠥᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠳᠤ ᠨᠢᠭᠡ ᠤᠳᠠᠭᠠᠨ ᠤ  ︽ᠰᠤᠳᠠᠯ  ᠪᠠᠷᠢᠬᠤ︾  ᠶᠠᠪᠤᠳᠠᠯ ᠮᠦᠨ᠂  ᠪᠠᠯᠭᠠᠰᠤ ᠲᠤᠰᠬᠤᠨ ᠬᠤᠶᠠᠷ ᠱᠠᠲᠤᠨ ᠤ ᠺᠠᠳ᠋ᠷᠴᠤᠳ ᠡᠷᠭᠡᠪᠰᠢ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠢᠳᠡᠪᠬᠢᠲᠡᠶ ᠣᠪᠣᠷ ᠰᠤᠷᠳᠠᠯ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ  ᠲᠤᠭᠤᠷᠢᠨ ᠪᠠᠶᠢᠴᠠᠭᠠᠬᠤ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠡᠭᠦᠷᠭᠡ ᠶᠢ ᠪᠡᠶᠡᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃ ᠬᠤᠷᠠᠯ ᠳᠡᠭᠡᠷ᠎ᠡ᠂ ᠰᠦᠨ ᠬᠠᠶ ᠹᠧᠩ ᠠᠴᠠ  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠲᠠᠶᠢᠯᠪᠤᠷᠢᠯᠠᠭᠰᠠᠨ ᠪᠥᠭᠡᠳ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠤᠬᠠᠶᠢᠯᠠᠪᠠᠯ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠲᠣᠰ ᠡᠬᠡᠯᠵᠢ ᠶᠢᠨ  ᠲᠤᠭᠤᠷᠢᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠦᠨᠡᠨ ᠬᠦ ᠲᠠᠨᠢᠵᠤ᠂ ᠶᠡᠭᠡ ᠲᠠᠯ᠎ᠠ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠥᠪᠡᠷ ᠢ ᠪᠠᠨ ᠴᠢᠩᠭ᠎ᠠ ᠡᠵᠡᠮᠳᠡᠬᠦ ᠭᠡᠷᠡᠭᠳᠡᠢ᠃ ᠬᠤᠶᠠᠷ ᠲᠤ ᠡᠯ᠎ᠡ ᠲᠥᠷᠥᠯ ᠤᠨ ᠲᠠᠩᠰᠠ ᠡᠪᠬᠡᠮᠡᠯ ᠳᠤ ᠠᠯᠳᠠᠭ᠎ᠠ ᠪᠤᠷᠤᠭᠤ ᠭᠠᠷᠭᠠᠬᠤ ᠥᠬᠡᠶ ᠶᠢ ᠪᠠᠲᠤᠯᠠᠵᠤ᠂ ᠳᠤᠲᠠᠭᠤᠳᠠᠯ ᠢ ᠪᠥᠬᠦ ᠲᠠᠯ᠎ᠠ ᠪᠠᠷ ᠨᠦᠬᠦᠪᠦᠷᠢᠯᠡᠨ᠂  ᠪᠠᠭᠤᠷᠠᠢ ᠭᠤᠭᠴᠤᠭ᠎ᠠ ᠶᠢ ᠣᠨᠣᠪᠴᠢᠲᠠᠶ ᠠᠳᠬᠤᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠳᠣᠷᠬᠠᠢ ᠪᠤᠯᠭᠠᠨ᠂ ᠲᠤᠭ᠎ᠠ ᠪᠠᠷᠢᠮᠲᠠ ᠶᠢ ᠲᠣᠳᠣᠷᠬᠠᠢ ᠪᠣᠯᠭᠠᠬᠤ ᠬᠡᠷᠡᠭᠲᠡᠢ᠃ ᠭᠤᠷᠪᠠ ᠳᠤ ᠲᠤᠭᠤᠷᠢᠨ ᠪᠠᠶᠢᠴᠠᠭᠠᠬᠤ ᠠᠵᠢᠯ ᠤᠨ ᠠᠵᠠ ᠲᠣᠬᠢᠶᠠᠯ ᠢ ᠠᠰᠢᠭᠯᠠᠨ᠂ ᠠᠯᠳᠠᠭᠳᠠᠯ ᠢᠶᠠᠨ ᠪᠠᠶᠢᠴᠠᠭᠠᠵᠤ ᠳᠤᠲᠠᠭᠤ ᠪᠠᠨ  ᠨᠦᠬᠦᠪᠦᠷᠢᠯᠡᠵᠦ᠂ ᠲᠠᠩᠰᠠ ᠡᠪᠬᠡᠮᠡᠯ ᠤᠨ ᠠᠵᠢᠯ ᠢ ᠲᠡᠬᠦᠯᠳᠡᠷᠵᠢᠬᠦᠯᠦᠨ᠂ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠳᠤ ᠰᠠᠭᠤᠷᠢ ᠶᠢ ᠲᠠᠯᠪᠢᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠪᠠᠯᠭᠠᠰᠤᠨ ᠳᠠᠷᠤᠭ᠎ᠠ ᠰᠢᠤᠢ ᠶᠦᠨ ᠳ᠋ᠡ ᠠᠴᠠ᠂ ᠪᠠᠯᠭᠠᠰᠤ ᠲᠣᠰᠬᠤᠨ ᠤ ᠺᠠᠳ᠋ᠷᠴᠤᠳ ᠤᠯᠤᠰ ᠲᠥᠷᠥ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ  ᠦᠢᠯᠡᠳᠦᠯ ᠢ  ᠬᠦᠢᠴᠡᠳ ᠪᠠᠳᠠᠷᠠᠭᠤᠯᠤᠨ᠂  ᠡᠨᠡ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠳᠤ ᠨᠠᠷᠢᠨ ᠬᠢᠨᠠᠮᠠᠭᠠᠶ ᠬᠠᠨᠳᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ   ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ᠃ ᠭᠡᠰᠡᠭᠯᠡᠨ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠠᠭᠠᠭᠠᠴᠢᠯᠠᠭᠰᠠᠨ ᠺᠠᠳ᠋ᠷ᠂ ᠲᠣᠰᠬᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ  ᠺᠠᠳ᠋ᠷᠴᠤᠳ ︽ᠬᠥᠮᠦᠨ ᠪᠦᠬᠦᠨ ᠡᠭᠦᠷᠭᠡ ᠲᠠᠢ᠂ ᠬᠥᠮᠦᠨ ᠪᠦᠬᠦᠨ ᠳᠠᠷᠤᠯᠲᠠ ᠲᠠᠢ︾ ᠪᠠᠶᠢᠬᠤ ᠶᠢ ᠪᠠᠷᠢᠮᠳᠠᠯᠠᠵᠤ᠂  ᠠᠵᠢᠯ ᠡᠭᠦᠷᠭᠡ ᠶᠢ ᠲᠤᠳᠤᠷᠬᠠᠶᠢᠯᠠᠨ᠂ ᠰᠠᠬᠢᠯᠭ᠎ᠠ ᠪᠠᠲᠤ ᠶᠢ ᠴᠢᠩᠳᠠᠯᠠᠵᠤ᠂  ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠲᠦᠷᠢᠮᠵᠢᠬᠦᠯᠦᠨ᠂  ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠨ ᠬᠢᠵᠦ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠳᠡᠭᠡᠷ᠎ᠡ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠠᠴᠠ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ᠂ ᠤᠬᠠᠭᠤᠯᠭ᠎ᠠ ᠰᠤᠷᠳᠠᠯᠴᠢᠯᠠᠭ᠎ᠠ  ᠂ ᠦᠵᠡᠯ ᠤᠬᠠᠮᠰᠠᠷ ᠤᠨ ᠬᠡᠯᠪᠡᠷᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠴᠡᠭᠴᠡᠯᠡᠯᠳᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ   ᠳᠤ ᠪᠠᠶᠢᠷᠢᠯᠠᠭᠤᠯᠤᠯᠳᠠ ᠬᠢᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号