ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶ᠎ᠠ | | ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ | | ᠨᠥᠬᠦᠳ ᠡ᠄ | ᠰᠠᠶ᠋ᠢ ᠪᠢᠳᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶᠠᠨ ᠤ | ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶᠠᠨ ᠤ ᠬᠠᠤᠯᠢ ᠪᠠᠷ ᠬᠤᠰᠢᠭᠤ ᠪᠠᠨ ᠵᠠᠰᠠᠬᠤ | ᠵᠥᠪᠯᠡᠯ ᠤᠨ ᠠᠵᠢᠯ ᠤᠨ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ | ᠬᠤᠰᠢᠭᠤᠨ ᠤ ᠬᠤᠷᠢᠶᠠᠨ ᠤ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠭᠡᠷ ᠤᠨ ᠠᠵᠢᠯ ᠤᠨ ᠨᠠᠷᠢᠨ | ᠲᠦᠷᠢᠮ︾ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠯ᠎ᠠ᠃ | ᠤᠯᠠᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠳᠬᠤᠬᠤ | ᠬᠡᠷᠡᠭᠲᠡᠢ᠃ ᠳᠤᠤᠷ᠎ᠠ ᠪᠢ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠰᠠᠶᠢᠨ ᠬᠢᠬᠦ ᠲᠤᠬᠠᠢ ᠭᠤᠷᠪᠠᠨ ᠰᠠᠨᠠᠯ | ᠲᠤᠷᠠᠳᠤᠶ᠎ᠠ᠃ | ᠨᠢᠭᠡ᠂ ᠦᠵᠡᠯ ᠰᠠᠨᠠᠭ᠎ᠠ ᠪᠠᠨ ᠨᠢᠭᠡᠳᠭᠡᠵᠦ᠂ ᠬᠠᠤᠯᠢ ᠪᠠᠷ ᠬᠤᠰᠢᠭᠤ ᠪᠠᠨ ᠵᠠᠰᠠᠬᠤ ᠬᠠᠷᠢᠭᠤᠴᠠᠯᠭᠠᠲᠤ | ᠰᠡᠳᠬᠢᠯᠭᠡ ᠶᠢ ᠦᠨᠡᠨᠬᠦ ᠴᠢᠩᠭᠠᠳᠬᠠᠬᠤ ᠬᠡᠷᠡᠭᠲᠡᠶ᠃ ᠬᠠᠤᠯᠢ ᠪᠠᠷ ᠵᠠᠰᠠᠬᠤ ᠪᠣᠯ ᠠᠵᠤ ᠠᠬᠤᠢ ᠶᠢᠨ ᠡᠷᠬᠢᠯᠳᠦᠯ ᠢ | ᠲᠦᠷᠢᠮᠵᠢᠬᠦᠯᠬᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ ᠶᠢᠨ ᠦᠨᠳᠦᠰᠦᠨ ᠠᠷᠭ᠎ᠠ ᠬᠡᠯᠪᠡᠷᠢ᠂ | ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠢ ᠪᠠᠲᠤᠯᠠᠬᠤ ᠶᠢᠨ ᠴᠢᠬᠤᠯᠠ | ᠰᠠᠭᠤᠷᠢ ᠪᠤᠯᠤᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠪᠣᠯ ᠥᠭᠡᠷᠡᠴᠢᠯᠡᠯᠲᠡ ᠶᠢᠨ ᠬᠠᠨᠳᠤᠰᠢ᠂ | ᠬᠥᠭᠵᠢᠯᠲᠡ ᠶᠢᠨ ᠬᠡᠷᠡᠭᠴᠡᠭᠡ ᠂ ᠨᠠᠩ ᠴᠤ ᠠᠷᠠᠳ ᠤᠨ ᠰᠠᠨᠠᠭ᠎ᠠ ᠪᠤᠯᠬᠤ ᠶᠤᠮ᠃ ᠪᠥᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠭᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠰᠤᠷᠤᠯᠴᠠᠨ ᠲᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ | ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠨ᠂ ᠨᠠᠩ ᠥᠨᠳᠥᠷ ᠬᠢᠷᠢ ᠲᠦᠪᠰᠢᠨ ᠪᠥᠬᠦᠶ ᠬᠠᠤᠯᠢᠵᠢᠭᠰᠠᠨ | ᠲᠠᠶᠢᠹᠤᠰᠧ ᠬᠤᠰᠢᠭᠤ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ | ︵ᠨᠢᠭᠡ︶ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠪᠣᠯ ᠬᠠᠤᠯᠢ ᠪᠠᠷ ᠤᠯᠤᠰ ᠢᠶᠠᠨ ᠵᠠᠰᠠᠬᠤ | ᠪᠠᠶᠢᠯᠳᠤᠬᠤ ᠪᠣᠳᠣᠯᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠡᠳᠬᠡᠯ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠩᠬ᠎ᠠ ᠤᠳᠠᠭ᠎ᠠ ᠲᠤᠰᠬᠠᠢ | ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ | ᠭᠦᠢᠴᠡᠳ ᠬᠠᠷᠠᠭᠤᠯᠤᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ | ᠪᠠᠶᠠᠯᠢᠭᠵᠢᠭᠤᠯᠤᠨ ᠬᠥᠭᠵᠢᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢᠨ ᠦᠨᠳᠦᠰᠦᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠰᠠᠭᠤᠷᠢ ᠶᠢ ᠲᠤᠪᠤᠶᠢᠯᠭᠠᠵᠦ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠪᠠᠶᠢᠭᠤᠯᠤᠯᠲᠠ ᠶᠢᠨ ᠨᠠᠮ ᠪᠠ | ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠴᠢᠩᠭᠠᠳᠬᠠᠬᠤ ᠪᠠ | ᠦᠷᠭᠡᠳᠭᠡᠭᠰᠡᠨ ᠪᠠᠶᠢᠨ᠎ᠠ᠃ ᠪᠢᠳᠡ ᠶᠡᠭᠡ ᠲᠠᠯ᠎ᠠ ᠶᠢᠨ ᠤᠬᠠᠮᠰᠠᠷ᠂ ᠤᠯᠤᠰ ᠲᠥᠷᠥ ᠶᠢᠨ ᠤᠬᠠᠮᠰᠠᠷ᠂ | ᠬᠠᠷᠢᠭᠤᠴᠠᠯᠭ᠎ᠠ ᠶᠢᠨ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ | ᠨᠢᠭᠡᠳᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ | ᠤᠬᠠᠮᠰᠠᠷ ᠢᠶᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ | ︵ᠬᠤᠶᠠᠷ︶ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠴᠢᠬᠤᠯᠠ ᠪᠠᠲᠤᠯᠠᠭ᠎ᠠ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠠᠴᠠ ︽ᠴᠢᠬᠤᠯᠠ | ᠶᠡᠭᠡ ᠥᠭᠡᠷᠡᠴᠢᠯᠡᠯᠲᠡ ᠳᠤ ᠬᠠᠷᠢᠶᠠᠯᠠᠭᠲᠠᠬᠤ ᠵᠦᠢᠯ ᠨᠢ ᠪᠦᠷ ᠬᠠᠤᠯᠢ ᠶᠢᠨ ᠦᠨᠳᠦᠰᠦ ᠪᠠᠷᠢᠮᠲᠠ ᠲᠠᠢ ᠪᠠᠶᠢᠬᠤ | ᠬᠡᠷᠡᠭᠲᠡᠢ᠃ ᠪᠦᠬᠦ᠋ᠢᠯᠡ ᠥᠭᠡᠷᠡᠴᠢᠯᠡᠯᠲᠡ ᠶᠢᠨ ᠶᠠᠪᠤᠴᠠ ᠳᠤ ᠴᠥᠮ ᠬᠠᠤᠯᠢᠵᠢᠯ ᠤᠨ ᠰᠡᠳᠬᠢᠬᠦᠢ ᠪᠣᠯᠤᠨ | ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠤᠯᠢᠵᠢᠯ ᠤᠨ | ᠵᠢᠯᠤᠭᠤᠳᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠬᠤ | ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠨ᠂ ᠬᠠᠤᠯᠢᠵᠢᠯ ᠤᠨ ᠵᠠᠮ ᠢᠶᠠᠷ ᠥᠭᠡᠷᠡᠴᠢᠯᠡᠯᠲᠡ ᠶᠢ ᠠᠬᠢᠭᠤᠯᠬᠤ ᠶᠢ | ᠪᠠᠲᠤᠯᠠᠬᠤ ᠬᠡᠷᠡᠭᠲᠡᠢ︾ ᠬᠡᠵᠦ ᠵᠢᠭᠠᠨ ᠭᠠᠷᠭᠠᠵᠠᠢ᠃ ᠬᠠᠤᠯᠢ ᠪᠠᠷ ᠵᠠᠰᠠᠬᠤ ᠪᠣᠯ ᠥᠭᠡᠷᠡᠴᠢᠯᠡᠯᠲᠡᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠦᠨᠳᠦᠰᠦᠨ ᠵᠢᠷᠤᠮᠯᠠᠯ ᠮᠥᠨ᠂ ᠬᠠᠤᠯᠢᠵᠢᠯ ᠤᠨ ᠪᠠᠳᠤᠯᠠᠭ᠎ᠠ ᠪᠠᠶᠢᠪᠠᠯ | ᠦᠬᠡᠷᠡᠴᠢᠯᠡᠯᠳᠡ ᠶᠢᠨ ᠬᠡᠯᠪᠡᠷᠢ ᠨᠢ ᠬᠤᠪᠢᠷᠠᠬᠤ ᠦᠭᠡᠢ᠂ ᠵᠠᠮ ᠨᠢ ᠬᠤᠪᠢᠷᠠᠬᠤ ᠦᠭᠡᠢ ᠪᠠᠶᠢᠵᠤ᠂ ᠦᠨᠡᠨᠬᠦ | ᠯᠠᠪᠳᠠᠭᠤᠨ ᠢᠶᠠᠷ ᠶᠠᠪᠤᠭᠳᠠᠵᠦ ᠴᠢᠳᠠᠨ᠎ᠠ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠭᠡ ᠠᠬᠤᠶ | ᠪᠠᠶᠢᠳᠠᠯ ᠳᠣᠤᠷ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠬᠡᠪᠰᠢ | ᠬᠠᠤᠯᠢᠵᠢᠯ ᠤᠨ ᠰᠡᠳᠬᠢᠬᠦᠶ ᠪᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠣᠷᠭᠠᠨᠢᠭ ᠢᠶᠠᠷ ᠨᠢᠭᠡᠳᠭᠡᠨ᠂ | ᠬᠠᠤᠯᠢ ᠪᠠᠷ ᠬᠤᠰᠢᠭᠤ ᠪᠠᠨ ᠵᠠᠰᠠᠬᠤ ᠶᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ | ᠨᠢᠬᠡᠨ ᠠᠭᠤᠯᠭ᠎ᠠ ᠪᠣᠯᠭᠠᠵᠤ᠂ ᠬᠠᠤᠯᠢᠵᠢᠯ ᠤᠨ ᠰᠡᠳᠬᠢᠬᠦᠶ ᠪᠠ ᠠᠷᠭ᠎ᠠ ᠶᠢ ᠬᠡᠷᠡᠭᠯᠡᠨ ᠥᠭᠡᠷᠡᠴᠢᠯᠡᠯᠲᠡ ᠶᠢ | ᠠᠬᠢᠭᠤᠯᠵᠤ᠂ ᠥᠭᠡᠷᠡᠴᠢᠯᠡᠯᠲᠡ ᠶᠢᠨ ︽ᠭᠠᠯᠲᠤ ᠲᠡᠷᠭᠡ︾ ᠶᠢ ᠢᠮᠠᠭᠲᠠ ᠬᠠᠤᠯᠢᠵᠢᠯ ᠤᠨ ︽ ᠲᠡᠮᠦᠷ ᠵᠠᠮ︾ | ᠳᠡᠭᠡᠷ᠎ᠡ ᠲᠠᠪᠬᠢᠭᠤᠯᠬᠤ ᠬᠡᠷᠡᠭᠲᠡᠶ᠃ | ︵ᠭᠤᠷᠪᠠ︶ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠪᠣᠯ ᠰᠢᠯᠢ ᠶᠢᠨ ᠭᠤᠣᠯ ᠠᠶᠢᠮᠠᠭ ᠤᠨ | ᠡᠮᠦᠨ᠎ᠡ ᠡᠭᠦᠳᠡᠨ ᠤ ᠲᠦᠷᠢ ᠲᠥᠷᠬᠦ ᠶᠢ ᠪᠠᠶᠢᠭᠤᠯᠬᠤ ᠪᠣᠳᠠᠲᠤ ᠬᠡᠷᠡᠭᠴᠡᠭᠡ ᠮᠥᠨ᠃ ᠬᠠᠤᠯᠢᠵᠢᠭᠰᠠᠨ ᠣᠷᠴᠢᠨ | ᠨᠥᠬᠦᠴᠡᠯ ᠪᠣᠯ ᠠᠵᠤ ᠠᠬᠤᠶ ᠶᠢᠨ ᠥᠷᠢᠰᠥᠯᠳᠦᠭᠡᠨ ᠤ ︽ᠵᠥᠭᠡᠯᠡᠨ ᠪᠣᠳᠠᠲᠤ ᠬᠦᠴᠦᠨ︾᠂ ᠪᠠᠰᠠ ᠴᠤ ᠵᠥᠭᠡᠯᠡᠨ | ᠣᠷᠴᠢᠨ ᠨᠥᠬᠦᠴᠡᠯ ᠢ ᠪᠣᠶ ᠪᠣᠯᠭᠠᠬᠤ ᠶᠢᠨ ᠴᠢᠬᠤᠯᠠ ᠠᠴᠠ ᠴᠢᠬᠤᠯᠠ ᠵᠦᠢᠯ ᠮᠥᠨ᠃ ᠬᠠᠮᠢᠭ᠎ᠠ ᠭᠠᠵᠠᠷ ᠤᠨ | ᠬᠠᠤᠯᠢᠵᠢᠯ ᠤᠨ ᠣᠷᠴᠢᠨ ᠨᠥᠬᠦᠴᠡᠯ ᠰᠠᠶᠢᠨ᠂ ᠬᠠᠮᠢᠭ᠎ᠠ ᠭᠠᠵᠠᠷ ᠤᠨ ᠵᠠᠬ᠎ᠠ ᠳᠡᠯᠭᠡᠭᠦᠷ ᠤᠨ ᠲᠣᠭᠲᠠᠴᠠ ᠲᠡᠬᠦᠯᠳᠡᠷ | ᠪᠤᠯ ᠲᠡᠷᠡ ᠭᠠᠵᠠᠷ ᠨᠢ ᠲᠤᠮᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠶᠢᠨ ᠠᠵᠤ ᠠᠬᠤᠶᠢᠯᠠᠯ ᠢ | ᠨᠤᠳᠤᠭ ᠲᠠᠭᠠᠨ ᠦᠯᠡᠳᠡᠭᠡᠵᠦ᠂ ᠥᠭᠡᠷᠡᠴᠢᠯᠡᠯᠲᠡ ᠬᠥᠭᠵᠢᠯᠲᠡ ᠶᠢᠨ ᠠᠵᠠ ᠲᠣᠬᠢᠶᠠᠯ ᠢ ᠣᠯᠵᠤ᠂ ᠠᠵᠤ ᠠᠬᠤᠢ ᠶᠢᠨ | ᠬᠥᠭᠵᠢᠯᠲᠡ ᠶᠢᠨ ︽ᠥᠨᠳᠦᠷᠯᠢᠭ︾ ᠪᠤᠯᠵᠤ ᠲᠡᠶᠢᠯᠬᠦ ᠶᠢ ᠦᠢᠯᠡᠳᠦᠯᠭᠡ ᠭᠡᠷᠡᠴᠢᠯᠡᠵᠦ ᠪᠠᠶᠢᠨ᠎ᠠ᠃ ᠤᠳᠤᠬᠠᠨ ᠳᠤ᠂ | ᠰᠢᠯᠢ ᠶᠢᠨ ᠭᠤᠤᠯ ᠠᠶᠢᠮᠠᠭ ᠤᠨ ᠡᠮᠦᠨ᠎ᠡ ᠡᠬᠦᠳᠡ ᠶᠢ ᠪᠠᠶᠢᠭᠤᠯᠬᠤ ᠠᠮᠠᠯᠠᠯᠲᠠ ᠪᠠᠨ ᠬᠦᠢᠴᠡᠳᠭᠡᠬᠦ ᠳᠤ ᠡᠭᠦᠷᠭᠡ | ᠬᠦᠨᠳᠦ ᠵᠠᠮ ᠬᠤᠯᠠ ᠪᠠᠶᠢᠭ᠎ᠠ ᠪᠤᠯᠬᠤᠷ ᠬᠠᠤᠯᠢ ᠲᠦᠷᠢᠮ ᠤᠨ ᠰᠢᠯᠢᠳᠡᠭ ᠰᠠᠶᠢᠨ ᠤᠷᠴᠢᠨ ᠨᠦᠬᠦᠴᠡᠯ ᠪᠢᠳᠡᠨ ᠳᠤ | ᠲᠤᠯᠭᠠᠮ᠎ᠠ ᠱᠠᠭᠠᠷᠳᠠᠭᠳᠠᠵᠤ ᠪᠠᠶᠢᠭ᠎ᠠ᠃ ᠬᠠᠤᠯᠢ ᠪᠠᠷ ᠬᠤᠰᠢᠭᠤ ᠪᠠᠨ ᠵᠠᠰᠠᠬᠤ ᠨᠢ ᠵᠠᠰᠠᠭ ᠤᠨ ᠣᠷᠳᠣᠨ ᠪᠣᠯᠤᠨ | ᠵᠠᠬ᠎ᠠ ᠳᠡᠯᠭᠡᠭᠦᠷ ᠤᠨ ᠵᠠᠭᠠᠭ ᠢ ᠲᠣᠳᠣᠷᠬᠠᠶᠢᠯᠠᠵᠤ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ | ᠬᠠᠷᠢᠴᠠᠭ᠎ᠠ ᠶᠢ ᠲᠦᠷᠢᠮᠵᠢᠬᠦᠯᠦᠨ᠂ ᠰᠢᠯᠢᠳᠡᠭ ᠰᠠᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠣᠯᠤᠨ | ᠥᠷᠢᠰᠥᠯᠳᠦᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠵᠠᠬ᠎ᠠ | ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠪᠠᠳᠠᠷᠠᠭᠤᠯᠬᠤ ᠳᠤ ᠠᠰᠢᠭᠲᠠᠶ ᠶᠤᠮ᠃ ᠡᠶᠢᠮᠦ ᠠᠴᠠ᠂ ᠡᠯ᠎ᠡ | ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ ᠬᠠᠤᠯᠢ ᠪᠠᠷ ᠬᠤᠰᠢᠭᠤ ᠪᠠᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠬᠤᠶᠠᠷ ᠶᠡᠭᠡ ᠶᠠᠪᠤᠳᠠᠯ ᠪᠠ ᠵᠢᠷᠭᠤᠭᠠᠨ ᠢᠨᠵᠧᠨᠧᠷᠢᠩ ᠳᠤ ᠠᠩᠬᠠᠷᠤᠯ ᠢᠶᠠᠨ | ᠲᠥᠪᠯᠡᠷᠡᠭᠦᠯᠦᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠤᠣᠯᠳᠠᠯᠭ᠎ᠠ ᠲᠠᠢ ᠡᠭᠦᠷᠭᠡ ᠶᠢ ᠪᠦᠬᠦ ᠶᠠᠪᠤᠴᠠ ᠳᠤ | ᠲᠤᠤᠱᠯᠠᠭᠤᠯᠵᠤ᠂ ᠲᠠᠶᠢᠹᠤᠰᠧ ᠬᠤᠰᠢᠭᠤᠨ ᠤ ᠡᠯ᠎ᠡ ᠲᠦᠷᠦᠯ ᠤᠨ ᠠᠵᠢᠯ ᠤᠨ ᠬᠠᠤᠯᠢᠵᠢᠯ ᠤᠨ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠤᠶᠠᠷ᠂ ᠭᠤᠤᠯᠳᠠᠯᠭ᠎ᠠ ᠶᠢ ᠳᠣᠪᠤᠶᠢᠯᠭᠠᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠬᠠᠤᠯᠢ ᠪᠠᠷ ᠬᠤᠰᠢᠭᠤ ᠪᠠᠨ ᠵᠠᠰᠠᠬᠤ | ᠪᠣᠯ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠣᠷᠣᠨ ᠢᠶᠠᠨ ᠵᠠᠰᠠᠬᠤ᠂ ᠬᠠᠤᠯᠢ ᠪᠠᠷ ᠠᠶᠢᠮᠠᠭ ᠢᠶᠠᠨ ᠵᠠᠰᠠᠬᠤ | ᠶᠢᠨ ᠦᠨᠳᠦᠰᠦᠨ ᠰᠠᠭᠤᠷᠢ ᠪᠠ ᠲᠤᠯᠭᠠᠭᠤᠷᠢᠯᠠᠯ᠂ ᠨᠢᠭᠡᠨ ᠠᠰᠤᠷᠤ ᠶᠡᠭᠡ ᠰᠢᠰᠲ᠋ᠧᠮᠲᠦ ᠢᠨᠵᠧᠨᠧᠷᠢᠩ ᠮᠥᠨ᠃ ᠡᠯ᠎ᠡ | ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ | ᠰᠡᠳᠬᠢᠴᠡ ᠪᠠᠨ ᠰᠢᠯᠤᠭᠤᠳᠬᠠᠨ᠂ ᠬᠠᠤᠯᠢ ᠪᠠᠷ ᠬᠤᠰᠢᠭᠤ ᠪᠠᠨ ᠵᠠᠰᠠᠬᠤ ᠭᠤᠤᠯ ᠬᠥᠳᠡᠯᠭᠡᠭᠦᠷ᠂ ᠭᠤᠤᠯ ᠠᠷᠭ᠎ᠠ ᠵᠠᠮ | ᠭᠤᠤᠯ ᠭᠠᠷᠳᠠᠴᠠ ᠶᠢ ᠣᠨᠣᠪᠴᠢᠲᠠᠶ ᠣᠯᠵᠤ᠂ ᠭᠤᠤᠯᠳᠠᠯᠭ᠎ᠠ ᠶᠢ ᠠᠩᠬᠠᠷᠤᠨ᠂ ᠠᠷᠭ᠎ᠠ ᠪᠠᠷᠢᠯ ᠢᠶᠠᠨ ᠰᠢᠨᠡᠴᠢᠯᠡᠵᠦ᠂ | ᠣᠷᠳᠣ ᠬᠤᠭᠤᠴᠠᠭ᠎ᠠ ᠪᠠᠷ ᠴᠢᠷᠮᠠᠶᠢᠵᠤ ᠪᠠᠶᠢᠭᠠᠳ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠡᠷᠴᠢ ᠬᠦᠴᠦᠲᠡᠶ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ | ᠨᠢᠭᠡ ᠳᠤ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ | ᠲᠦᠷᠭᠡᠳᠬᠡᠨ᠂ ᠡᠵᠡᠩᠨᠡᠯᠲᠡ ᠶᠢᠨ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠷᠬᠡ | ᠲᠤᠰᠢᠶᠠᠯ ᠤᠨ ᠨᠠᠷᠢᠨ ᠬᠠᠭᠤᠳᠠᠰᠤ᠂ ᠡᠬᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠵᠠᠭᠠᠶ ᠲᠠᠯ᠎ᠠ ᠶᠢᠨ | ᠨᠠᠷᠢᠨ ᠬᠠᠭᠤᠳᠠᠰᠤ ᠶᠢ ᠬᠡᠷᠡᠭᠵᠢᠭᠦᠯᠵᠦ᠂ ᠡᠷᠬᠡ ᠡᠬᠦᠷᠭᠡ ᠨᠢᠭᠡᠳᠦᠯᠲᠡᠶ᠂ ᠠᠵᠢᠯᠯᠠᠭ᠎ᠠ ᠥᠨᠳᠥᠷ ᠪᠦᠲᠦᠮᠵᠢᠲᠡᠶ᠂ | ᠬᠠᠤᠯᠢ ᠲᠦᠷᠢᠮ ᠤᠨ ᠪᠠᠳᠤᠯᠠᠭ᠎ᠠ ᠲᠠᠢ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢᠨ ᠰᠢᠰᠲ᠋ᠧᠮᠵᠢ ᠪᠣᠯᠤᠨ | ᠰᠢᠨᠵᠢᠯᠡᠬᠦ ᠤᠬᠠᠭᠠᠨᠴᠢ ᠦᠷ᠎ᠡ ᠪᠦᠲᠦᠮᠵᠢᠲᠡᠶ ᠬᠢᠨᠠᠯᠲᠠ᠂ ᠡᠵᠡᠮᠳᠡᠯ ᠵᠤᠬᠢᠴᠠᠭᠤᠯᠭ᠎ᠠ ᠶᠢᠨ ᠲᠣᠭᠲᠠᠴᠠ ᠶᠢ | ᠪᠠᠶᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠡᠢ᠃ ᠬᠠᠤᠯᠢ ᠶᠢᠨ | ᠵᠥᠪᠯᠡᠭᠴᠢ ᠶᠢᠨ ᠡᠩᠨᠡᠭᠡ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠲᠣᠭᠲᠠᠭᠠᠬᠤ᠂ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠬᠦ᠂ ᠴᠢᠬᠤᠯᠠ ᠭᠡᠷ᠎ᠡ ᠬᠡᠯᠡᠯᠴᠡᠭᠡᠷ ᠢ ᠲᠣᠭᠲᠠᠬᠤ | ᠂ ᠪᠦᠯᠦᠭᠯᠡᠯ ᠤᠨ ᠴᠢᠨᠠᠷᠲᠠᠢ ᠬᠡᠷᠡᠭ ᠪᠠ ᠴᠢᠬᠤᠯᠠ ᠶᠡᠭᠡ ᠨᠡᠶᠢᠭᠡᠮ ᠤᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ | ᠦᠶ᠎ᠡ ᠳᠤ ᠬᠠᠤᠯᠢ ᠶᠢᠨ ᠵᠥᠪᠯᠡᠭᠴᠢ ᠶᠢᠨ ᠰᠠᠨᠠᠯ ᠢ ᠰᠣᠨᠣᠰᠴᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠬᠤ ᠶᠠᠪᠤᠴᠠ ᠳᠠᠬᠢ ᠬᠠᠤᠯᠢ ᠶᠢᠨ ᠵᠥᠪᠯᠡᠭᠴᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠬᠠᠤᠯᠢᠵᠢᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ | ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠵᠤ᠂ ᠬᠠᠤᠯᠢᠵᠢᠯ ᠤᠨ ᠳᠠᠪᠠᠭᠤᠯᠢᠭ ᠢ | ᠦᠨᠡᠨᠬᠦ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠷ ᠲᠤ᠂ ᠲᠥᠪ ᠭᠤᠣᠯᠴᠢ ᠪᠠᠷ ᠬᠠᠤᠯᠢ ᠭᠡᠷᠡᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ︽ᠲᠥᠪ | ᠭᠤᠣᠯᠴᠢ ᠪᠠᠷ ᠬᠠᠤᠯᠢ ᠭᠡᠷᠡᠭᠵᠢᠬᠦᠯᠬᠦ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ | ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ︾ ᠭᠡᠵᠦ ᠵᠢᠭᠠᠵᠤ ᠭᠠᠷᠭᠠᠪᠠ᠃ ᠡᠯ᠎ᠡ ᠰᠤᠮᠤ ᠰᠢᠶᠠᠩ | ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023-2025 | ᠣᠨ︶ ᠶᠢᠨ ᠬᠡᠷᠡᠭᠵᠢᠭᠦᠯᠬᠦ ᠲᠦᠰᠦᠪ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ | ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠵᠦᠶ ᠵᠣᠬᠢᠰᠲᠠᠶ ᠬᠦᠰᠡᠯ | ᠱᠠᠭᠠᠷᠳᠠᠯᠭ᠎ᠠ ᠶᠢ ᠬᠠᠤᠯᠢ ᠲᠦᠷᠢᠮ ᠶᠣᠰᠣᠭᠠᠷ ᠪᠦᠲᠦᠮᠵᠢᠲᠡᠶ ᠰᠠᠶᠢᠬᠠᠨ ᠰᠢᠢᠳᠪᠦᠷᠢᠯᠡᠬᠦ ᠬᠡᠷᠡᠭᠲᠡᠶ᠃ ᠢᠳᠬᠠᠨ | ᠰᠤᠷᠭᠠᠬᠤ᠂ ᠰᠡᠷᠡᠮᠵᠢᠯᠡᠭᠦᠯᠦᠨ ᠰᠠᠨᠠᠭᠤᠯᠬᠤ᠂ ᠪᠣᠯᠵᠣᠨ ᠶᠠᠷᠢᠯᠴᠠᠬᠤ ᠵᠡᠷᠭᠡ ᠤᠶᠠᠨ ᠬᠠᠳᠠᠨ ᠴᠢᠨᠠᠷᠲᠠᠶ ᠬᠠᠤᠯᠢ | ᠬᠡᠷᠡᠭᠵᠢᠭᠦᠯᠬᠦ ᠠᠷᠭ᠎ᠠ ᠮᠠᠶ᠋ᠢᠭ ᠢ ᠥᠷᠭᠡᠨ ᠢᠶᠠᠷ ᠬᠡᠷᠡᠭᠯᠡᠵᠦ᠂ ︽ᠰᠢᠳᠭᠡᠯ ᠢ ᠬᠡᠯᠲᠦᠷᠢᠭᠦᠯᠬᠦ︾ ᠪᠠ ︽ᠬᠦᠩᠭᠡᠨ ᠢᠶᠠᠷ | ᠰᠢᠳᠬᠡᠬᠦ︾ ᠨᠠᠷᠢᠨ ᠲᠠᠩᠰᠠ ᠶᠢ ᠪᠥᠬᠦ ᠲᠠᠯ᠎ᠠ ᠪᠠᠷ ᠭᠡᠷᠡᠭᠵᠢᠬᠦᠯᠦᠨ᠂ ᠬᠠᠤᠯᠢ ᠬᠡᠷᠡᠭᠵᠢᠭᠦᠯᠬᠦ ᠳᠡᠭᠡᠨ ︽ᠡᠷᠴᠢᠮ︾ | ᠲᠠᠢ ᠪᠥᠭᠡᠳ ︽ᠬᠠᠯᠠᠮᠵᠢ︾ ᠲᠠᠢ ᠪᠠᠶᠢᠬᠤ ᠬᠡᠷᠡᠭᠲᠡᠶ᠃ ᠡᠩᠨᠡᠭᠡ ᠶᠢ ᠪᠠᠷᠢᠮᠵᠢᠶᠠᠵᠢᠭᠤᠯᠬᠤ ᠪᠠ ᠬᠠᠤᠯᠢ | ᠭᠡᠷᠡᠭᠵᠢᠬᠦᠯᠦᠯᠳᠡ ᠶᠢ ᠲᠦᠷᠢᠮᠵᠢᠬᠦᠯᠬᠦ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ | ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ | ᠲᠦᠷᠢᠮ︾ ᠢ ᠴᠢᠩᠭ᠎ᠠ ᠵᠢᠷᠤᠮᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ | ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠲᠦᠷᠢᠮ ᠢ ᠭᠡᠷᠡᠭᠵᠢᠬᠦᠯᠦᠨ᠂ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠡᠪ ᠴᠢᠨᠠᠷ ᠪᠠ ᠬᠢᠷᠢ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠣᠯᠤᠨ ︽ᠫᠦᠵᠢᠶᠠᠩ | ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠠᠷᠠᠳ ᠤᠨ ᠡᠶᠡᠳᠡᠭᠦᠯᠦᠭᠴᠢ ᠶᠢᠨ | ᠡᠩᠨᠡᠭᠡᠨ ᠤ ᠦᠢᠯᠡᠳᠦᠯ ᠢ ᠪᠠᠳᠠᠷᠠᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠵᠥᠷᠢᠴᠡᠯ ᠵᠢᠭᠤᠷᠠᠭᠠᠨ ᠢ | ᠠᠩᠬᠠᠷᠴᠤ᠂ ᠬᠦᠨᠳᠦ ᠶᠡᠭᠡ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠬᠡᠨ ᠭᠤᠣᠯᠯᠠᠨ | ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠨᠡᠶᠢᠭᠡᠮ ᠤᠨ ᠠᠮᠤᠷ ᠲᠣᠭᠲᠠᠭᠤᠨ ᠤ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠪᠣᠯ ᠬᠠᠤᠯᠢ ᠪᠠᠷ ᠬᠤᠰᠢᠭᠤ ᠪᠠᠨ ᠵᠠᠰᠠᠬᠤ ᠶᠢᠨ ᠰᠠᠭᠤᠷᠢ ᠮᠥᠨ᠃ ᠡᠯ᠎ᠡ ᠰᠤᠮᠤ | ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠲᠥᠯᠥᠪᠵᠢᠭᠦᠯᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠤᠯᠢ ᠶᠢ ᠵᠢᠷᠭᠤᠭ᠎ᠠ ᠳᠤ ᠣᠷᠣᠭᠤᠯᠬᠤ︾ ᠶᠢ | ᠭᠦᠨᠵᠡᠭᠡᠶ ᠠᠬᠢᠭᠤᠯᠤᠨ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ | ᠬᠥᠮᠦᠰ ᠤᠨ ᠬᠠᠤᠯᠢ ᠰᠤᠷᠴᠤ ᠬᠠᠤᠯᠢ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠥᠬᠦ ᠠᠷᠠᠳ ᠤᠨ | ᠬᠠᠤᠯᠢᠵᠢᠯ ᠤᠨ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ ᠤᠨ | ᠠᠴᠢᠶᠠᠯᠠᠪᠤᠷᠢ ᠶᠢ ᠰᠢᠨᠡᠴᠢᠯᠡᠨ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ᠂ ᠥᠷᠭᠡᠨ ᠬᠠᠷᠠᠭᠠᠰᠤ ᠠᠴᠠ᠂ ᠤᠯᠠᠨ ᠲᠡᠰ | ᠳᠠᠪᠬᠤᠷᠭ᠎ᠠ ᠪᠠᠷ ᠥᠷᠨᠢᠭᠦᠯᠵᠦ᠂ ᠬᠠᠤᠯᠢᠵᠢᠯ ᠤᠨ ᠵᠠᠰᠠᠬᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠤᠨ᠂ ︽ᠵᠠᠰᠠᠭ ᠤᠨ ᠣᠷᠳᠣᠨ ᠬᠠᠤᠯᠢ ᠶᠣᠰᠣᠭᠠᠷ ᠠᠵᠢᠯ ᠬᠦᠢᠴᠡᠳᠭᠡᠬᠦ᠂ ᠠᠷᠠᠳ ᠢᠷᠭᠡᠳ ᠬᠠᠤᠯᠢ | ᠶᠣᠰᠣᠭᠠᠷ ᠠᠵᠢᠯ ᠬᠢᠬᠦ︾᠂ ︽ᠬᠥᠮᠦᠨ ᠪᠦᠬᠦᠨ ᠶᠤᠰᠤ ᠲᠦᠷᠢᠮ ᠲᠠᠢ ᠠᠵᠢᠯᠯᠠᠬᠤ᠂ ᠶᠠᠪᠤᠳᠠᠯ ᠪᠦᠬᠦᠨ ᠢ ᠠᠯᠬᠤᠮ | ᠲᠠᠷᠠᠭᠠᠯᠠᠯ ᠲᠠᠢ ᠬᠢᠬᠦ︾ ᠶᠢ ᠨᠡᠶᠢᠭᠡᠮ ᠤᠨ ᠲᠦᠷᠢᠮ ᠪᠠ ᠤᠬᠠᠮᠰᠠᠷᠲᠤ ᠠᠵᠢᠯᠯᠠᠭ᠎ᠠ ᠪᠣᠯᠭᠠᠵᠤ᠂ ᠬᠠᠤᠯᠢ ᠶᠢ ᠮᠡᠳᠡᠬᠦ᠂ | ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ | ᠨᠡᠶᠢᠭᠡᠮ ᠳᠠᠶᠠᠭᠠᠷ ᠲᠤ ᠪᠤᠢ ᠪᠣᠯᠭᠠᠬᠤ ᠬᠡᠷᠡᠭᠲᠡᠢ᠃ | ᠲᠦᠷᠪᠡ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ᠡᠨᠡ ᠵᠢᠯ ᠤᠨ ᠡᠬᠢᠨ ᠳᠤ᠂ ᠰᠦᠨ ᠱᠤᠤ ᠴᠧᠩ ᠱᠦᠵᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ ᠳᠡᠭᠡᠷ᠎ᠡ ︽ᠵᠢᠷᠭᠤᠭᠠᠨ ᠢᠨᠵᠧᠨᠧᠷᠢᠩ︾ ᠢ ᠳᠤᠷᠠᠳᠤᠨ ᠭᠠᠷᠭᠠᠵᠠᠶ᠂ ᠡᠭᠦᠨ ᠳᠤ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠦᠴᠦᠯᠡᠨ ᠠᠬᠢᠭᠤᠯᠬᠤ ᠴᠢᠬᠤᠯᠠ ᠶᠡᠭᠡ ᠢᠨᠵᠧᠨᠧᠷᠢᠩ᠂ ᠮᠥᠨ ᠴᠤ ᠣᠷᠣᠨ | ᠨᠤᠳᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ︽ᠰᠠᠶᠢᠨ ᠡᠮ︾ ᠪᠤᠯᠬᠤ ᠶᠤᠮ᠃ | 2024 ᠤᠨ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾ ᠪᠣᠯᠤᠨ᠎ᠠ᠂ ᠡᠯ᠎ᠡ ᠰᠤᠮᠤ ᠰᠢᠶᠠᠩ ᠪᠠᠯᠭᠠᠰᠤ ᠡᠯ᠎ᠡ | ᠰᠠᠯᠠᠭ᠎ᠠ ᠮᠥᠴᠢᠷ ᠤᠨ ᠬᠢᠨ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ | ᠨᠡᠶᠢᠭᠡᠮ ᠤᠨ ᠢᠲᠡᠭᠡᠮᠵᠢ᠂ ᠬᠠᠤᠯᠢ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠵᠢᠱᠢᠶ᠎ᠡ ᠦᠵᠡᠬᠦᠯᠵᠦ ᠲᠠᠶᠢᠴᠢᠯᠠᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠶ ᠵᠠᠰᠠᠭ ᠤᠨ | ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ︽ ᠢᠳᠡᠭᠡᠯ ᠨᠠᠶᠢᠳᠠᠪᠤᠷᠢᠲᠠᠶ︾ ᠬᠥᠭᠵᠢᠯᠲᠡ ᠶᠢᠨ ᠣᠷᠴᠢᠨ | ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠬᠦᠯᠦᠨ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠢ | ᠴᠢᠩᠭᠠᠷᠠᠭᠤᠯᠬᠤ ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ︽ ᠬᠤᠶᠠᠷ ᠢ ᠰᠤᠭᠤᠴᠢᠨ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠶᠢ ᠪᠥᠬᠦ ᠲᠠᠯ᠎ᠠ ᠪᠠᠷ | ᠭᠦᠨᠵᠡᠭᠡᠶ ᠭᠡᠷᠡᠭᠵᠢᠬᠦᠯᠦᠨ᠂ ᠬᠠᠤᠯᠢ ᠵᠥᠷᠢᠴᠡᠵᠦ ᠢᠲᠡᠭᠡᠯ ᠠᠯᠳᠠᠭᠰᠠᠨ ᠭᠤᠤᠯ ᠴᠣᠭᠴᠠ ᠶᠢᠨ ᠵᠠᠰᠠᠭ ᠵᠠᠬᠢᠷᠭᠠᠨ ᠤ | ᠴᠢᠨᠠᠷᠲᠠᠶ ᠡᠵᠡᠮᠳᠡᠯ ᠢ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠰᠢᠨ᠎ᠡ | ᠵᠠᠭᠪᠤᠷ ᠢ ᠢᠳᠡᠪᠬᠢᠲᠡᠶ ᠰᠦᠪᠡᠭᠴᠢᠯᠡᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ | ᠲᠡᠭᠡᠭᠰᠢᠯᠡᠬᠦᠯᠵᠦ᠂ ᠢᠲᠡᠭᠡᠮᠵᠢ ᠲᠠᠢ ᠪᠠᠶᠢᠭᠰᠠᠳ ᠲᠤ ᠠᠰᠢᠭ ᠬᠦᠷᠳᠡᠭᠡᠨ᠂ ᠢᠲᠡᠭᠡᠯ ᠠᠯᠳᠠᠭᠰᠠᠳ ᠢ ᠵᠠᠯᠬᠠᠭᠠᠨ | ᠰᠢᠳᠬᠡᠬᠦ ᠬᠡᠷᠡᠭᠲᠡᠶ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠶᠡᠬᠡᠪᠡᠷ ᠠᠬᠢᠭᠤᠯᠵᠤ᠂ ᠬᠠᠤᠯᠢ ᠪᠠᠷ | ᠵᠠᠰᠠᠬᠤ ᠰᠡᠳᠬᠢᠬᠦᠶ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠡᠭᠡᠭᠰᠢᠯᠡᠬᠦᠯᠦᠨ᠂ ᠠᠳᠠᠯᠢ ᠪᠤᠰᠤ | ᠰᠢᠨᠵᠢ ᠴᠢᠨᠠᠷ᠂ ᠠᠳᠠᠯᠢ ᠪᠤᠰᠤ ᠬᠡᠪᠴᠢᠶ᠎ᠡ ᠲᠠᠢ ᠠᠵᠤ ᠠᠬᠤᠶᠢᠯᠠᠯ ᠪᠠ ᠬᠤᠳᠠᠯᠳᠤᠭᠠᠨ ᠤ ᠡᠷᠦᠬᠡ ᠳᠤ ᠬᠠᠤᠯᠢ | ᠶᠤᠰᠤᠨ ᠤ᠂ ᠪᠦᠬᠦ ᠲᠠᠯ᠎ᠠ ᠶᠢᠨ᠂ ᠡᠷᠬᠡ ᠲᠡᠭᠰᠢ ᠬᠠᠮᠠᠭᠠᠯᠠᠯᠳᠠ ᠬᠢᠵᠦ᠂ ᠤᠯᠠᠨ ᠲᠦᠮᠡᠨ ᠤ ᠠᠰᠢᠭ ᠲᠤᠰᠠ ᠳᠤ | ᠬᠤᠯᠪᠣᠭᠳᠠᠬᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠨ᠂ ᠭᠤᠣᠯᠴᠢ ᠰᠢᠳᠤᠷᠭᠤ ᠬᠠᠤᠯᠢ | ᠴᠠᠭᠠᠵᠠ ᠶᠢᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ᠂ ᠪᠥᠬᠦ | ᠬᠤᠰᠢᠭᠤᠨ ᠤ ᠬᠡᠪᠴᠢᠶᠡᠨ ᠳᠤ ᠦᠨᠡᠨᠴᠢ ᠢᠲᠡᠭᠡᠮᠵᠢ ᠲᠠᠢ ᠪᠠᠶᠢᠬᠤ ᠶᠢ ᠤᠬᠠᠭᠤᠯᠵᠤ᠂ ︽ᠢᠲᠡᠭᠡᠮᠵᠢ ᠲᠠᠢ ᠪᠤᠯ | ᠢᠷᠠᠭᠤ ᠠᠯᠳᠠᠷ᠂ ᠢᠲᠡᠭᠡᠯ ᠦᠬᠡᠢ ᠪᠤᠯ ᠢᠴᠢᠬᠦᠷᠢ ᠭᠤᠳᠤᠮᠰᠢᠭ︾ ᠬᠡᠮᠡᠬᠦ ᠥᠷᠲᠡᠭ ᠤᠨ ᠦᠵᠡᠯᠲᠡ ᠶᠢ ᠪᠣᠶ | ᠪᠤᠯᠭᠠᠨ᠂ ᠰᠠᠶᠢᠰᠢᠶᠠᠨ ᠵᠤᠷᠢᠬᠵᠢᠭᠤᠯᠬᠤ ᠪᠠ ᠵᠠᠯᠬᠠᠭᠠᠨ ᠴᠡᠭᠡᠷᠯᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠦᠨᠡᠨᠴᠢ ᠢᠲᠡᠭᠡᠮᠵᠢ ᠲᠠᠢ ᠲᠠᠶᠢᠹᠤᠰᠧ ᠬᠤᠰᠢᠭᠤᠨ ᠤ ᠪᠠᠶᠢᠭᠤᠯᠤᠯᠳᠠ ᠶᠢ ᠴᠢᠨᠠᠭᠰᠢᠳᠠ | ᠠᠬᠢᠭᠤᠯᠬᠤ ᠬᠡᠷᠡᠭᠲᠡᠶ᠃ 4 ᠰᠠᠷ᠎ᠠ ᠶᠢᠨ ᠡᠬᠢ ᠪᠠᠷ ᠮᠠᠨ ᠤ ᠬᠤᠰᠢᠭᠤ ᠨᠢ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠦᠰᠦᠪ︾ ᠢ ᠨᠡᠶᠢᠳᠡᠯᠡᠵᠦ᠂ ᠵᠠᠰᠠᠭ ᠤᠨ ᠶᠠᠪᠤᠳᠠᠯ ᠤᠨ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠶᠢᠨ ᠢᠲᠡᠭᠡᠮᠵᠢ | ᠵᠡᠷᠭᠡ ᠶᠢᠨ ᠲᠣᠭᠤᠷᠢᠨ ᠳᠤ 48 ᠵᠦᠢᠯ ᠤᠨ ᠬᠠᠷᠠᠯᠲᠠ ᠡᠭᠦᠷᠭᠡ ᠂ 81 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ | ᠨᠠᠷᠢᠯᠢᠭ ᠲᠤᠭᠳᠠᠭᠠᠭᠰᠠᠨ ᠪᠠᠶᠢᠨ᠎ᠠ᠃ 6 ᠰᠠᠷ᠎ᠠ ᠶᠢᠨ ᠣᠷᠴᠢᠮ ᠢᠶᠠᠷ᠂ ᠥᠪᠡᠷᠲᠡᠭᠡᠨ ᠵᠠᠰᠠᠬᠤ ᠣᠷᠣᠨ ᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠠᠴᠠ ᠡᠯ᠎ᠡ ᠭᠠᠵᠠᠷ ᠤᠨ | ᠠᠵᠢᠯ ᠤᠨ ᠠᠬᠢᠴᠠ ᠶᠢ ᠦᠨᠡᠯᠡᠨ ᠵᠢᠱᠢᠬᠦ ᠪᠤᠯᠬᠤᠷ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ︽ᠲᠦᠰᠦᠪ︾ ᠲᠤ | ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠶᠢᠨ ᠨᠠᠷᠢᠨ ᠲᠠᠩᠰᠠ ᠶᠢ ᠭᠠᠷᠭᠠᠵᠤ᠂ | ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠠᠯᠪᠠᠨ ᠬᠡᠷ ᠲᠠᠢ ᠬᠠᠮᠵᠢᠯᠴᠠᠨ ᠡᠯ᠎ᠡ ᠲᠦᠷᠦᠯ ᠤᠨ ᠠᠵᠢᠯ ᠢ ᠰᠠᠶᠢᠳᠤᠷ ᠪᠡᠶᠡᠯᠡᠭᠦᠯᠵᠦ᠂ ᠪᠥᠬᠦ ᠬᠤᠰᠢᠭᠤᠨ ᠤ | ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ | ᠬᠠᠤᠯᠢ ᠶᠢᠨ ᠢᠲᠡᠭᠡᠮᠵᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠦᠨ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠤᠨ ᠶᠡᠭᠡ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠶ᠃ | ᠲᠠᠪᠤ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠬᠡᠷᠡᠭᠲᠡᠢ᠃ ᠡᠨᠡ ᠵᠢᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠮᠡᠳᠡᠭᠳᠡᠮ᠎ᠡ ᠠᠬᠢᠴᠠ ᠲᠠᠢ ᠪᠤᠯᠵᠤ᠂ ᠥᠪᠡᠷᠲᠡᠭᠡᠨ ᠵᠠᠰᠠᠬᠤ | ᠣᠷᠣᠨ ᠤ ᠣᠷᠣᠨ ᠲᠤᠭ᠎ᠠ ᠲᠤᠭᠳᠠᠭᠠᠬᠤ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶᠠᠨ ᠤ ᠨᠡᠶᠢᠳᠡᠯᠡᠭᠰᠡᠨ ︽ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠤᠯᠭᠤᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ | ᠶᠢᠨ ᠵᠢᠯᠤᠭᠤᠳᠬᠤ ᠭᠠᠷᠴᠠᠭ ︾ ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ ︽ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ | ᠪᠠᠯᠭᠠᠰᠤᠨ ᠤ ᠬᠤᠰᠢᠭᠤ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠦᠯᠢᠶᠡᠨ ᠠᠪᠬᠤ ᠨᠠᠷᠢᠨ ᠲᠠᠩᠰᠠ︾ ᠳᠤ | ᠲᠣᠬᠢᠷᠠᠭᠤᠯᠤᠯᠲᠠ ᠬᠢᠭᠰᠡᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠷᠬᠡ | ᠣᠯᠭᠤᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠰᠠᠶᠢᠳᠤᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠤᠤᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠨᠢ ᠰᠤᠮᠤ ᠰᠢᠶᠠᠩ ᠪᠠᠯᠭᠠᠰᠤᠨ ᠳᠤ ᠪᠣᠯᠪᠠᠰᠤᠷᠠᠯ ᠤᠨ ᠠᠵᠢᠯ ᠢ ᠰᠠᠶᠢᠨ ᠬᠢᠵᠦ᠂ | ᠰᠤᠮᠤ ᠰᠢᠶᠠᠩ ᠪᠠᠯᠭᠠᠰᠤᠨ ᠤ ᠠᠵᠢᠯ ᠳᠤ ᠬᠢᠨᠠᠯᠲᠠ ᠲᠠᠯᠪᠢᠬᠤ᠂ ᠵᠢᠭᠠᠨ ᠵᠢᠯᠣᠭᠤᠳᠬᠤ ᠪᠠ ᠬᠠᠮᠵᠢᠯᠴᠠᠨ | ᠬᠠᠪᠰᠤᠷᠬᠤ ᠪᠠᠨ ᠦᠨᠡᠨᠬᠦ ᠴᠢᠩᠭᠠᠳᠬᠠᠬᠤ ᠬᠡᠷᠡᠭᠲᠡᠶ᠂ ᠬᠠᠷᠢᠨ ᠰᠢᠭᠤᠳ ᠲᠤᠰᠢᠶᠠᠵᠤ ᠦᠭᠴᠢᠭᠡᠭᠡᠳ ᠪᠤᠯᠬᠤ ᠦᠬᠡᠢ᠃ | ᠣᠷᠣᠨ ᠲᠤᠭ᠎ᠠ ᠲᠤᠭᠳᠠᠭᠠᠬᠤ ᠠᠯᠪᠠᠨ ᠬᠡᠷ᠂ ᠬᠠᠤᠯᠢ ᠴᠠᠭᠠᠵᠠ ᠶᠢᠨ ᠲᠤᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢ ᠶᠡᠷᠦᠩᠬᠡᠶᠢᠯᠡᠨ ᠠᠳᠬᠤᠬᠤ | ᠦᠢᠯᠡᠳᠦᠯ ᠢᠶᠠᠨ ᠭᠦᠶ᠋ᠴᠡᠳ ᠪᠠᠳᠠᠷᠠᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ | ᠰᠤᠮᠤ ᠰᠢᠶᠠᠩ ᠪᠠᠯᠭᠠᠰᠤᠨ ᠤ ᠠᠵᠢᠯ ᠢ ᠵᠢᠭᠠᠨ ᠵᠢᠯᠤᠭᠤᠳᠴᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠠᠬᠢᠭᠤᠯᠬᠤ ᠬᠡᠷᠡᠭᠲᠡᠶ᠃ | ᠭᠤᠷᠪᠠ᠂ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ | ᠠᠵᠢᠯ ᠢ ᠬᠦᠴᠦᠲᠡᠢ ᠠᠬᠢᠭᠤᠯᠬᠤ ᠬᠡᠷᠡᠭᠲᠡᠢ᠃ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ | ᠰᠠᠶᠢᠨ ᠬᠢᠬᠦ ᠪᠣᠯ ᠦᠨᠳᠦᠰᠦᠨ ᠵᠦᠢᠯ ᠢ ᠬᠠᠮᠢᠶᠠᠷᠬᠤ᠂ ᠠᠯᠤᠰ ᠬᠡᠲᠦ ᠶᠢ ᠬᠠᠮᠢᠶᠠᠷᠬᠤ ᠴᠢᠬᠤᠯᠠ ᠶᠡᠭᠡ ᠡᠭᠦᠷᠭᠡ | ᠪᠤᠯᠬᠤᠷ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠨᠢᠭᠡ ᠬᠥᠯᠭᠡ ᠰᠢᠲᠠᠷ᠎ᠠ︾ | ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯ ᠡᠬᠦᠷᠭᠡ ᠶᠢ ᠬᠤᠪᠢᠳᠠᠨ᠂ ᠵᠤᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ | ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠣᠶ ᠪᠣᠯᠭᠠᠬᠤ ᠪᠠᠷ ᠴᠢᠷᠮᠠᠶᠢᠬᠤ ᠬᠡᠷᠡᠭᠲᠡᠶ᠃ | ᠨᠢᠭᠡ ᠳᠤ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠪᠥᠬᠦ | ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠦᠪᠯᠡᠯ ᠨᠢ ᠲᠥᠯᠥᠪᠯᠡᠨ ᠵᠣᠬᠢᠴᠠᠭᠤᠯᠬᠤ᠂ ᠱᠠᠭᠠᠷᠳᠠᠨ | ᠵᠢᠯᠣᠭᠤᠳᠬᠤ᠂ ᠬᠢᠨᠠᠨ ᠪᠠᠶᠢᠴᠠᠭᠠᠬᠤ ᠦᠢᠯᠡᠳᠦᠯ ᠢᠶᠠᠨ ᠪᠠᠳᠠᠷᠠᠭᠤᠯᠵᠤ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢ ᠰᠤᠳᠤᠯᠤᠨ᠂ ᠴᠢᠬᠤᠯᠠ ᠶᠡᠭᠡ ᠤᠴᠢᠷ ᠶᠠᠪᠤᠳᠠᠯ ᠢ ᠵᠤᠬᠢᠴᠠᠭᠤᠯᠵᠤ᠂ ᠬᠦᠴᠢᠷ ᠠᠰᠠᠭᠤᠳᠠᠯ ᠢ | ᠰᠢᠢᠳᠪᠦᠷᠢᠯᠡᠨ᠂ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠡᠯ᠎ᠡ ᠲᠦᠷᠦᠯ ᠤᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠪᠣᠳᠠᠲᠠᠶ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠬᠡᠷᠡᠭᠲᠡᠶ᠃ | ᠡᠯ᠎ᠡ ᠵᠣᠬᠢᠴᠠᠭᠤᠯᠬᠤ ᠳᠤᠭᠤᠶᠢᠯᠠᠩ ᠨᠢ ᠠᠵᠢᠯ ᠤᠨ ᠲᠣᠭᠲᠠᠴᠠ ᠪᠠᠨ ᠤᠯᠠᠮ ᠲᠡᠭᠦᠯᠳᠡᠷᠵᠢᠭᠦᠯᠵᠦ᠂ ᠲᠤᠰ ᠲᠤᠰ ᠤᠨ | ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢᠨ ᠬᠠᠮᠳᠤ᠂ ᠢᠳᠡᠪᠬᠢᠳᠡᠢ ᠪᠠᠷ ᠬᠠᠷᠢᠯᠴᠠᠨ ᠬᠠᠮᠵᠢᠯᠴᠠᠵᠤ ᠬᠠᠤᠯᠢᠵᠢᠯ | ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠡᠭᠦᠷᠭᠡ ᠶᠢ ᠰᠠᠶᠢᠲᠤᠷ ᠠᠳᠬᠤᠵᠤ ᠪᠡᠶᠡᠯᠡᠬᠦᠯᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ | ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠬᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠬᠠᠤᠯᠢᠵᠢᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠪᠠᠶᠢᠷᠢᠯᠠᠭᠤᠯᠵᠤ᠂ ᠪᠠᠶᠢᠴᠠᠭᠠᠨ | ᠵᠢᠯᠣᠭᠤᠳᠴᠤ᠂ ᠱᠠᠭᠠᠷᠳᠠᠨ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠎ᠠ᠃ ᠤᠬᠠᠭᠤᠯᠬᠤ ᠬᠡᠯᠲᠡᠰ᠂ ᠬᠠᠮ | ᠵᠠᠭᠤᠴᠢᠯᠠᠭᠤᠷ ᠤᠨ ᠲᠥᠪ᠂ ᠬᠠᠤᠯᠢ ᠴᠠᠭᠠᠵᠠ ᠶᠢᠨ ᠲᠣᠪᠴᠢᠶ᠎ᠠ ᠨᠢ ᠦᠢᠯᠡᠳᠦᠯ ᠴᠢᠳᠠᠮᠵᠢ ᠪᠠᠨ ᠭᠦᠶ᠋ᠴᠡᠳ | ᠪᠠᠳᠠᠷᠠᠭᠤᠯᠵᠤ᠂ ᠲᠧᠯᠸᠢᠰ᠂ ᠰᠦᠯᠵᠢᠶ᠎ᠡ ᠵᠡᠷᠭᠡ ᠣᠯᠠᠨ ᠵᠦᠢᠯ ᠤᠨ ᠵᠠᠭᠤᠴᠢᠯᠠᠭᠤᠷ ᠢᠶᠠᠷ ᠳᠠᠮᠵᠢᠨ ᠬᠠᠤᠯᠢ ᠪᠠᠷ | ᠬᠤᠰᠢᠭᠤ ᠪᠠᠨ ᠵᠠᠰᠠᠬᠤ ᠠᠵᠢᠯ ᠢ ᠥᠷᠭᠡᠨ ᠢᠶᠠᠷ ᠤᠬᠠᠭᠤᠯᠵᠤ᠂ ᠰᠠᠶᠢᠨ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠶ | ᠳ᠋ᠦᠩᠨᠡᠨ᠂ ᠲᠥᠯᠥᠭᠡᠯᠡᠬᠦ ᠴᠢᠨᠠᠷᠲᠠᠶ᠂ ᠨᠡᠶᠢᠲᠡᠯᠢᠭ ᠴᠢᠨᠠᠷᠲᠠᠶ ᠦᠯᠢᠭᠡᠷ ᠵᠢᠱᠢᠶ᠎ᠡ ᠶᠢ ᠢᠳᠡᠪᠬᠢᠲᠡᠶ ᠢᠯᠡᠷᠡᠬᠦᠯᠵᠦ᠂ ᠨᠢᠭᠡ | ᠪᠦᠯᠦᠭ ᠬᠦᠨᠳᠦᠳᠭᠡᠬᠦᠰᠢᠳᠡᠢ ᠢᠳᠡᠭᠡᠬᠦᠰᠢᠳᠡᠢ ᠰᠤᠷᠤᠯᠴᠠᠭᠤᠰᠢᠳᠠᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠢ | ᠪᠤᠯᠭᠠᠨ᠂ ᠵᠢᠱᠢᠶ᠎ᠡ ᠦᠵᠡᠬᠦᠯᠵᠦ ᠬᠥᠲᠥᠯᠥᠨ ᠳᠠᠭᠠᠭᠤᠯᠬᠤ ᠪᠠᠷ ᠲᠠᠮᠵᠢᠭᠠᠳ᠂ ᠪᠥᠬᠦ ᠬᠤᠰᠢᠭᠤᠨ ᠤ ᠬᠡᠪᠴᠢᠶᠡᠨ ᠳᠤ | ᠬᠥᠮᠦᠨ ᠪᠦᠬᠦᠨ ᠬᠠᠤᠯᠢ ᠶᠢ ᠰᠤᠷᠬᠤ᠂ ᠬᠥᠮᠦᠨ ᠪᠦᠬᠦᠨ ᠬᠠᠤᠯᠢ ᠶᠢ ᠮᠡᠳᠡᠬᠦ᠂ ᠬᠥᠮᠦᠨ ᠪᠦᠬᠦᠨ ᠬᠠᠤᠯᠢ ᠶᠢ ᠰᠠᠬᠢᠬᠤ | ᠬᠥᠮᠦᠨ ᠪᠦᠬᠦᠨ ᠬᠠᠤᠯᠢ ᠶᠢ ᠲᠦᠭᠡᠮᠡᠯᠵᠢᠭᠦᠯᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠪᠠᠷ | ᠬᠤᠰᠢᠭᠤ ᠪᠠᠨ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃ | ᠭᠤᠷᠪᠠ ᠳᠤ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ | ᠦᠷ᠎ᠡ ᠪᠦᠲᠦᠮᠵᠢ ᠪᠣᠯ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠪᠣᠳᠠᠲᠤ | ᠠᠮᠵᠢᠯᠲᠠ ᠶᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠪᠣᠯᠤᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ | ᠬᠡᠷ ᠨᠢ ᠱᠠᠭᠠᠷᠳᠠᠨ ᠪᠠᠶᠢᠴᠠᠭᠠᠬᠤ ᠠᠵᠢᠯ ᠢ ᠭᠦᠨᠵᠡᠭᠡᠶ ᠠᠬᠢᠭᠤᠯᠵᠤ᠂ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ︽ | ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠡᠯ᠎ᠡ ᠰᠤᠮᠤ ᠰᠢᠶᠠᠩ | ᠪᠠᠯᠭᠠᠰᠤᠨ ᠤ ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠱᠠᠭᠠᠷᠳᠠᠨ ᠪᠠᠶᠢᠴᠠᠭᠠᠬᠤ ᠬᠡᠷᠡᠭᠲᠡᠶ᠃ ᠡᠭᠦᠨ ᠤ ᠬᠠᠮᠲᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠨ | ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠬᠦᠯᠵᠦ᠂ ᠬᠢᠨᠠᠨ | ᠰᠢᠯᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠬᠢᠨᠠᠨ ᠰᠢᠯᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠢᠨᠠᠨ | ᠰᠢᠯᠭᠠᠬᠤ ᠠᠯᠬᠤᠮ ᠶᠠᠪᠤᠴᠠ ᠶᠢ ᠲᠦᠷᠢᠮᠵᠢᠬᠦᠯᠦᠨ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠬᠡᠷᠡᠭᠲᠡᠶ᠃ |