ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠢᠯᠡᠴᠢᠯᠡᠨ ᠮᠡᠳᠡᠬᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/20
  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂  ᠨᠠᠮ ᠎ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ  ᠬᠤᠰᠢᠭᠤ ᠨᠠᠮ ᠤᠨ ᠬᠤᠷᠢᠶᠠᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠱᠠᠭᠠᠷᠳᠠᠯᠭ᠎ᠠ ᠶᠣᠰᠣᠭᠠᠷ ︽ᠲᠣᠰᠬᠤᠨ ᠤ ᠡᠵᠡᠷᠬᠡᠭᠴᠢ︾  ︽ᠠᠭᠤᠷᠬᠠᠢ ᠶᠢᠨ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠣᠯᠠᠨ ᠲᠦᠮᠡᠨ ᠢ ᠲᠠᠷᠤᠯᠠᠭᠰᠠᠨ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠠᠳᠬᠤᠭᠰᠠᠨ ᠵᠢᠴᠢ ᠭᠠᠵᠠᠷ ᠰᠢᠷᠣᠶ ᠶᠢᠨ ᠡᠷᠭᠢᠯᠲᠡ᠂ ᠡᠬᠢ ᠪᠠᠶᠠᠯᠢᠭ ᠤᠨ ᠨᠡᠭᠡᠭᠡᠯᠳᠡ᠂ ᠢᠨᠵᠧᠨᠧᠷᠢᠩ ᠤᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠯᠡᠬᠦ᠂ ᠠᠯᠪᠠᠳᠠᠵᠤ ᠰᠦᠷᠳᠡᠬᠦᠯᠦᠨ ᠰᠤᠯᠢᠯᠴᠠᠭ᠎ᠠ ᠬᠢᠬᠦ ᠵᠡᠷᠭᠡ ᠠᠰᠠᠭᠤᠳᠠᠯ ᠢ ᠢᠯᠡᠷᠡᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠤᠨ ᠠᠷᠤ ᠳᠠᠬᠢ ︽ᠦᠮᠦᠭ ᠲᠦᠰᠢᠭ︾ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠᠷ ᠪᠤᠯᠪᠠ᠃    ᠨᠢᠭᠡ᠂ ᠴᠡᠭᠴᠡᠯᠡᠯᠳᠡ ᠶᠢᠨ ᠴᠠᠭ    ᠠᠯᠪᠠᠨ ᠵᠠᠷᠯᠠᠯ ᠨᠡᠶᠢᠳᠡᠯᠡᠭᠰᠡᠨ ᠡᠳᠦᠷ ᠠᠴᠠ ᠡᠬᠢᠯᠡᠭᠡᠳ 2024 ᠣᠨ ᠤ 10 ᠰᠠᠷ᠎ᠠ ᠪᠣᠯᠲᠠᠯ᠎ᠠ᠃    ᠬᠤᠶᠠᠷ᠂ ᠢᠯᠡᠴᠢᠯᠡᠨ ᠮᠡᠳᠡᠭᠦᠯᠬᠦ ᠠᠷᠭ᠎ᠠ    ᠢᠯᠡᠴᠢᠯᠡᠨ ᠮᠡᠳᠡᠭᠦᠯᠬᠦ ᠬᠠᠶ᠋ᠢᠭ᠄ ᠲᠠᠶᠢᠹᠤᠰᠧ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ 304 ᠲᠠᠰᠤᠭ ︵ᠤᠳᠤᠷᠢᠳᠬᠤ ᠲᠤᠭᠤᠶᠢᠯᠠᠩ ᠤᠨ ᠠᠯᠪᠠᠨ ᠭᠡᠷ︶    ᠢᠯᠡᠴᠢᠯᠡᠨ ᠮᠡᠳᠡᠭᠦᠯᠬᠦ ᠤᠲᠠᠰᠤ᠄  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ 0479 - 5232800    ᠳᠣᠲᠣᠭᠠᠳᠤ ᠶᠢ ᠬᠠᠮᠠᠭᠠᠯᠠᠬᠤ ᠲᠣᠪᠴᠢᠶ᠎ᠠ 0479 - 5227020  ᠂   0479 - 5227022    ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 0479 - 5238165    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 0479 - 2265505    ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ 0479 - 5222040    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ 0479 - 2265316                                                                    ᠲᠠᠶᠢᠹᠤᠰᠧ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ            ᠲᠡᠮᠡᠴᠡᠯ   ᠎ ᠤᠨ   ᠤᠳᠤᠷᠢᠳᠬᠤ   ᠲᠤᠭᠤᠶᠢᠯᠠᠩ   ᠎ ᠤᠨ   ᠠᠯᠪᠠᠨ   ᠭᠡᠷ                                  2024 ᠣᠨ ᠤ 6 ᠰᠠᠷ᠎ᠠ ᠶᠢᠨ 18᠎ ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号