︽ᠬᠠᠶᠢᠷ᠎ᠠ ᠬᠠᠯᠠᠮᠵᠢ ᠶᠢ ᠲᠠᠭᠤ ᠰᠤᠨᠤᠷ ᠢᠶᠠᠷ ᠲᠠᠮᠵᠢᠭᠤᠯᠬᠤ︾  ᠲᠦᠷᠦᠯ ᠵᠦᠢᠯ ᠲᠠᠶᠢᠹᠤᠰᠧ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/6/20
 6 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂  58 ᠲᠦᠩ ᠴᠧᠩ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ︽ᠬᠠᠶᠢᠷ᠎ᠠ ᠬᠠᠯᠠᠮᠵᠢ ᠶᠢ ᠲᠠᠭᠤ ᠰᠤᠨᠤᠷ ᠢᠶᠠᠷ ᠲᠠᠮᠵᠢᠭᠤᠯᠬᠤ︾ ᠲᠥᠷᠥᠯ ᠵᠦᠢᠯ ᠲᠠᠶᠢᠹᠤᠰᠧ ᠬᠤᠰᠢᠭᠤᠨ ᠳᠤ ᠶᠠᠪᠤᠭᠳᠠᠵᠤ᠂  ᠪᠡᠭᠡᠵᠢᠩ ᠤᠨ 58 ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠭᠦᠢᠴᠡᠳᠬᠡᠬᠦ ᠨᠠᠷᠢᠨ ᠪᠢᠴᠢᠭ ᠤᠨ ᠳᠠᠷᠤᠭ᠎ᠠ ᠭᠦᠸᠧ ᠶᠠ ᠴᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ ᠶᠠᠨ  ᠂ 58 ᠲᠦᠩ ᠴᠧᠩ ᠨᠡᠶᠢᠲᠡ ᠶᠢᠨ ᠠᠰᠠᠷᠠᠮᠵᠢ ᠶᠢᠨ ᠲᠥᠪ ᠤᠨ ᠡᠷᠬᠢᠯᠡᠭᠴᠢ ᠸᠠᠩ ᠵᠢᠦ ᠢ᠂  ᠠᠶᠢᠮᠠᠭ ᠤᠨ ᠵᠡᠮᠳᠡᠭᠴᠦᠳ ᠤᠨ ᠬᠤᠯᠪᠤᠭᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠸᠠᠩ ᠯᠢ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ  ᠳᠡᠳ᠋ ᠬᠤᠰᠢᠭᠤ ᠳᠠᠷᠤᠭ᠎ᠠ ᠤᠶᠤᠨᠴᠡᠴᠡᠭ ᠶᠣᠰᠣᠯᠠᠯ ᠢ ᠡᠷᠭᠢᠯᠡᠪᠡ᠃ ᠠᠬᠤᠢ ᠲᠠᠯᠠᠪᠠᠢ ᠳᠤ ᠲᠤᠰᠬᠠᠢ ᠮᠡᠷᠭᠡᠵᠢᠯᠳᠡᠨ  ᠠᠴᠠ ᠰᠣᠨᠣᠷ ᠤᠨ ᠰᠠᠭᠠᠳ ᠲᠠᠢ ᠬᠥᠮᠦᠰ ᠲᠤ ᠪᠠᠶᠢᠴᠠᠭᠠᠯᠳᠠ ᠬᠢᠬᠦ ᠪᠠᠷ ᠲᠠᠮᠵᠢᠭᠠᠳ 89 ᠨᠡᠷ᠎ᠡ ᠰᠣᠨᠣᠷ ᠤᠨ ᠰᠠᠭᠠᠳ ᠲᠠᠢ ᠵᠡᠮᠳᠡᠭᠴᠦᠳ ᠲᠤ ᠰᠣᠨᠣᠷ ᠲᠤᠳᠤᠤᠡᠬᠠᠭᠤᠷ ᠢ ᠦᠨ᠎ᠡ ᠲᠥᠯᠥᠪᠦᠷᠢ ᠥᠬᠡᠶ ᠪᠠᠷ ᠤᠭᠰᠠᠷᠠᠨ ᠦᠭᠬᠦᠭᠰᠡᠨ ᠪᠠᠶᠢᠨ᠎ᠠ  ︵ᠨᠡᠶᠢᠳᠡ 1369000 ᠲᠥᠭᠦᠷᠢᠭ ᠤᠨ ᠥᠷᠲᠡᠭ ᠪᠦᠬᠦᠢ︶᠃ ᠡᠨᠡ ᠤᠳᠠᠭᠠᠨ ᠤ ᠠᠵᠢᠯᠯᠠᠭ᠎ᠠ ᠶᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠠᠴᠠ ᠵᠣᠬᠢᠴᠠᠭᠤᠯᠤᠨ ᠬᠠᠷᠢᠯᠴᠠᠵᠤ᠂  ᠪᠡᠭᠡᠵᠢᠩ ᠤᠨ 58 ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠪᠡᠭᠡᠵᠢᠩ ᠤᠨ ᠠᠢ ᠡᠯ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠠᠴᠠ ᠬᠠᠷᠢᠭᠤᠴᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠬᠤᠯᠪᠤᠭ᠎ᠠ᠂ ᠬᠠᠩᠵᠧᠦ ᠶᠢᠨ ᠠᠢ ᠲᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠳᠡᠮᠵᠢᠯᠭᠡ  ᠦᠵᠡᠬᠦᠯᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号