ᠲᠠᠶᠢᠹᠤᠰᠧ ᠬᠤᠰᠢᠭᠤ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/20
 ᠡᠨᠡ ᠵᠢᠯ ᠠᠴᠠ ᠨᠠᠰᠢ᠂ ᠲᠠᠶᠢᠹᠤᠰᠧ ᠬᠤᠰᠢᠭᠤᠨ ᠤ ᠬᠢᠨ ᠤᠯᠤᠰ᠂ ᠣᠷᠣᠨ᠂ ᠠᠶᠢᠮᠠᠭ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ  ᠤᠷᠤᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ᠃ 6 ᠰᠠᠷ᠎ᠠ ᠪᠣᠯᠲᠠᠯ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 7235.18 ᠲᠦᠮᠡᠨ ᠲᠥᠭᠦᠷᠢᠭ ︵ᠡᠭᠦᠨ ᠳᠤ ᠲᠠᠩ ᠾᠧ ᠺᠤᠮᠫᠠᠨᠢ 6506.86 ᠲᠦᠮᠡᠨ ᠲᠥᠭᠦᠷᠢᠭ᠂ ᠿᠢ ᠱᠧᠩ ᠴᠠᠩ ᠺᠤᠮᠫᠠᠨᠢ 728.32 ᠲᠦᠮᠡᠨ ᠲᠥᠭᠦᠷᠢᠭ︶ ᠲᠤ ᠬᠦᠷᠦᠭᠰᠡᠨ ᠪᠦᠭᠡᠳ  ᠰᠢᠶᠠᠩᠭᠠᠩ ᠤᠨ  ᠨᠢᠬᠡᠨ ᠠᠵᠤ ᠠᠬᠤᠶᠢᠯᠠᠯ ᠲᠤᠰ ᠬᠤᠰᠢᠭᠤᠨ ᠤ ᠹᠦ᠋ ᠵᠢᠶᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠳᠠᠭᠠᠳ 300 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠵᠢᠱᠢᠵᠦ ᠪᠤᠢ᠃ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠨᠢ ᠦᠢᠯᠡᠴᠢᠯᠡᠭᠡ ᠪᠠᠨ ᠴᠢᠩᠭᠠᠳᠬᠠᠬᠤ ᠪᠠᠷ ᠲᠠᠮᠵᠢᠭᠠᠳ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠵᠣᠷᠢᠭᠵᠢᠭᠤᠯᠵᠤ᠂ ᠦᠢᠯᠡᠳᠬᠦᠨ ᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂  ᠲᠡᠯᠡᠬᠡᠢ ᠶᠢᠨ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠪᠥᠬᠦ ᠬᠤᠰᠢᠭᠤᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠨᠢᠭᠡ ᠳᠤ ᠲᠥᠷᠥᠯ ᠬᠤᠪᠢᠶᠠᠨ ᠵᠢᠯᠣᠭᠤᠳᠬᠤ ᠦᠢᠯᠡᠴᠢᠯᠡᠭᠡ ᠬᠠᠩᠭᠠᠭᠰᠠᠨ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠰᠠᠨᠠᠭ᠎ᠠ ᠲᠠᠢ ᠠᠵᠤ ᠠᠬᠤᠶᠢᠯᠠᠯ ᠳᠤ ᠢᠳᠡᠪᠬᠢᠲᠡᠢ ᠭᠦᠨᠵᠡᠭᠡᠶᠢᠷᠡᠵᠦ᠂ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ᠂  ᠬᠤᠩ ᠵᠢᠩ ᠶᠤᠸᠠᠨ ᠺᠣᠮᠫᠠᠨᠢ᠂ ᠲᠠᠩ ᠾᠧ ᠺᠣᠮᠫᠠᠨᠢ ᠵᠡᠷᠭᠡ 17 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠥᠬᠦ ᠠᠶᠢᠮᠠᠭ ᠤᠨ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠪᠣᠯᠪᠠᠰᠤᠷᠠᠯ ᠤᠨ ᠠᠩᠭᠢ ᠪᠠ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠮᠡᠳᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠤᠷᠤᠯᠴᠠᠭᠤᠯᠤᠨ᠂ ᠠᠵᠤ ᠠᠬᠤᠶᠢᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠶᠢᠯᠠᠭᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠦᠴᠦᠨ ᠨᠡᠮᠡᠷᠢᠯᠡᠪᠡ᠃ ᠬᠤᠶᠠᠷ ᠲᠤ ᠠᠵᠤ ᠠᠬᠤᠶᠢᠯᠠᠯ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠭᠰᠠᠨ᠃ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠢ  ᠲᠠᠭᠠᠭᠤᠯᠵᠤ᠂ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠳᠦᠰᠦᠨ ᠪᠠᠶᠢᠳᠠᠯ᠂ ᠭᠠᠳᠠᠭᠠᠳᠤ ᠠᠷᠠᠯᠵᠢᠶᠠᠨ ᠤ ᠪᠠᠶᠢᠳᠠᠯ ᠢ ᠤᠶᠢᠯᠠᠭᠠᠨ᠂ ᠠᠵᠤ ᠠᠬᠤᠶᠢᠯᠠᠯ ᠤᠨ ᠰᠠᠨᠠᠯ  ᠰᠠᠨᠠᠭᠤᠯᠭ᠎ᠠ ᠶᠢ ᠰᠣᠨᠣᠰᠴᠤ᠂ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠠᠢ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠢᠯ ᠢ ᠢᠳᠡᠪᠬᠢᠲᠡᠶ ᠵᠣᠬᠢᠴᠠᠭᠤᠯᠤᠨ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠡᠳᠬᠦᠨ ᠳᠡᠮᠵᠢᠬᠦ ᠡᠷᠴᠢᠮ ᠠᠵᠢᠯ ᠤᠨ ᠡᠷᠴᠢᠮ ᠢ ᠴᠢᠩᠭᠠᠷᠠᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠬᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠴᠢᠨᠠᠭᠰᠢᠳᠠ ᠰᠠᠶᠢᠵᠢᠷᠠᠭᠤᠯᠤᠨ᠂  ᠪᠦᠬᠦ ᠬᠤᠰᠢᠭᠤᠨ ᠤ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号