ᠰᠢᠩ ᠹᠦ᠋ ᠰᠢᠶᠠᠩ᠄  ︽ᠦᠨᠡᠨᠴᠢ ᠢᠲᠡᠭᠡᠮᠵᠢ ᠶᠢᠨ ᠰᠣᠶᠣᠯ ᠢ ᠲᠡᠯᠬᠡᠷᠡᠬᠦᠯᠵᠦ ᠪᠣᠯᠪᠠᠰᠤᠨ ᠬᠦᠳᠡᠭᠡ ᠲᠤᠰᠬᠤᠨ ᠢ ᠬᠠᠮᠲᠤ ᠪᠠᠷ ᠪᠠᠶᠢᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/20
 6 ᠰᠠᠷ᠎ᠠ ᠶᠢᠨ 18 ᠤ ᠡᠳᠦᠷ᠂ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠩ ᠹᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ  ᠨᠢ ︽ᠦᠨᠡᠨᠴᠢ ᠢᠲᠡᠭᠡᠮᠵᠢ ᠶᠢᠨ ᠰᠣᠶᠣᠯ ᠢ ᠲᠡᠯᠬᠡᠷᠡᠬᠦᠯᠵᠦ ᠪᠣᠯᠪᠠᠰᠤᠨ ᠬᠦᠳᠡᠭᠡ ᠲᠤᠰᠬᠤᠨ ᠢ ᠬᠠᠮᠲᠤ ᠪᠠᠷ ᠪᠠᠶᠢᠭᠤᠯᠬᠤ︾ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ  ᠴᠦᠩ ᠭᠤᠸᠠᠩ ᠲᠣᠰᠬᠤᠨ ᠤ ᠶᠠᠩᠭᠠᠷ ᠤᠨ ᠠᠩᠭᠢ ᠶᠢᠨ ᠲᠣᠭᠯᠠᠯᠲᠠ ᠪᠠᠷ ᠬᠦᠰᠢᠭᠡ ᠰᠡᠬᠦᠵᠦ᠂ ᠰᠢᠩ ᠹᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠪᠠ ᠡᠯ᠎ᠡ ᠲᠤᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠲᠥᠯᠥᠭᠡᠯᠡᠭᠴᠢ ᠠᠴᠠ ᠦᠪᠡᠷ ᠦᠪᠡᠷ ᠤᠨ ᠲᠡᠷᠭᠡᠳᠡ ᠡᠬᠦᠰᠦᠭᠰᠡᠨ ᠦᠨᠡᠨᠴᠢ ᠢᠲᠡᠭᠡᠮᠵᠢ ᠶᠢᠨ ᠦᠯᠢᠭᠡᠷ ᠵᠢᠱᠢᠶ᠎ᠡ ᠶᠢ ᠶᠠᠷᠢᠵᠤ᠂  ᠬᠤᠤᠰᠯᠠᠯ ᠵᠦᠴᠦᠭᠡ᠂ ᠤᠷᠠᠨ ᠤᠩᠰᠢᠯᠭ᠎ᠠ᠂ ᠯᠢᠩᠪᠦ ᠬᠤᠭᠤᠷ ᠤᠨ ᠬᠦᠭᠵᠢᠮ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠦᠭᠡᠳ ᠳᠥᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠤᠬᠠᠭᠤᠯᠤᠨ᠂  ᠠᠷᠠᠳ ᠢᠷᠭᠡᠳ ᠢ  ᠵᠢᠯᠣᠭᠤᠳᠴᠤ ︽ᠦᠨᠡᠨᠴᠢ ᠢᠲᠡᠭᠡᠮᠵᠢ ᠪᠣᠯ ᠣᠷᠣᠰᠢᠨ ᠲᠣᠭᠲᠠᠨᠢᠬᠤ ᠶᠢᠨ ᠦᠨᠳᠦᠰᠦ ᠮᠥᠨ︾  ᠬᠡᠮᠡᠬᠦ ᠦᠵᠡᠯᠲᠡ ᠶᠢ ᠪᠤᠢ ᠪᠣᠯᠭᠠᠪᠠ᠃ ᠠᠵᠢᠯᠯᠠᠭᠠᠨ ᠤ ᠳᠤᠮᠳᠠ ᠪᠠᠰᠠ ᠦᠨᠡᠨᠴᠢ ᠢᠲᠡᠭᠡᠮᠵᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃  ᠡᠨᠡ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠦᠨᠡᠨᠴᠢ ᠢᠳᠡᠭᠡᠮᠵᠢ ᠶᠢ ᠡᠷᠬᠢᠮᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠠᠷᠠᠳ ᠢᠷᠭᠡᠳ ᠤᠨ ᠦᠨᠡᠨᠴᠢ  ᠢᠳᠡᠬᠡᠮᠵᠢ ᠶᠢᠨ ᠤᠬᠠᠮᠰᠠᠷ ᠢ ᠨᠡᠮᠡᠭᠳᠡᠭᠦᠯᠵᠦ᠂ ᠦᠨᠡᠨᠴᠢ ᠢᠲᠡᠭᠡᠮᠵᠢᠲᠡᠶ ᠦᠭᠡ ᠬᠡᠯᠡᠬᠦ᠂ ᠦᠨᠡᠨᠴᠢ ᠢᠲᠡᠭᠡᠮᠵᠢᠲᠡᠶ ᠠᠵᠢᠯ ᠬᠢᠬᠦ᠂ ᠦᠨᠡᠨᠴᠢ ᠢᠲᠡᠭᠡᠮᠵᠢᠲᠡᠶ ᠬᠥᠮᠦᠨ ᠪᠣᠯᠬᠤ ᠦᠵᠡᠯ ᠤᠬᠠᠮᠰᠠᠷ ᠢ ᠰᠠᠨᠠᠭᠠᠴᠢᠯᠠᠨ  ᠦᠨᠡᠨᠴᠢ  ᠢᠳᠡᠬᠡᠮᠵᠢ ᠪᠠᠷ ᠥᠪᠡᠷ ᠢ ᠪᠠᠨ ᠱᠠᠭᠠᠷᠳᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号