ᠬᠤᠩ ᠴᠢ ᠪᠠᠯᠭᠠᠰᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/6/20
 6 ᠰᠠᠷ᠎ᠠ ᠶᠢᠨ 19 ᠤ ᠡᠳᠦᠷ᠂ ᠬᠤᠩ ᠴᠢ ᠪᠠᠯᠭᠠᠰᠤ 2024 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ ᠾᠧ ᠭᠤᠸᠠᠨ ᠬᠤᠸᠠ ᠬᠤᠷᠠᠯ ᠢ ᠡᠷᠬᠢᠯᠡᠨ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ  ᠪᠦᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠥᠷᠨᠢᠭᠦᠯᠬᠦ ᠬᠤᠷᠠᠯᠳᠤᠭᠠᠨ  ᠤ ᠵᠣᠷᠢᠭ ᠰᠠᠨᠠᠭ᠎ᠠ ᠪᠣᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠡᠨᠡ ᠵᠢᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠡᠯ᠎ᠡ ᠲᠦᠷᠦᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠳᠡᠯᠡᠨ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ ᠾᠧ ᠭᠤᠸᠠᠨ ᠬᠤᠸᠠ ᠶᠠᠷᠢᠶᠠᠨ ᠳᠠᠭᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ  ᠂ ᠮᠦᠨᠴᠦ  ᠪᠦᠬᠦ ᠪᠠᠯᠭᠠᠰᠤᠨ ᠤ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ  ᠪᠤᠯᠤᠨ᠎ᠠ᠃  ᠨᠢᠬᠡ ᠲᠠᠯ᠎ᠠ ᠪᠠᠷ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠬᠠᠢ  ᠠᠷᠠᠳ ᠤᠯᠠᠨ ᠤ ᠦᠵᠡᠯᠳᠡ ᠲᠠᠨᠢᠯᠲᠠ ᠪᠠ ᠣᠷᠣᠯᠴᠠᠬᠤ ᠬᠡᠮᠵᠢᠶ᠎ᠡ ᠶᠢ ᠲᠡᠭᠡᠭᠰᠢᠯᠡᠬᠦᠯᠦᠨ᠂ ᠪᠦᠬᠦ ᠪᠠᠯᠭᠠᠰᠤ ᠪᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠥᠭᠦᠭᠡ ᠲᠠᠯ᠎ᠠ ᠪᠠᠷ ᠭᠡᠷᠡᠭ ᠤᠨ ᠰᠦᠪᠡᠭᠴᠢ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠬᠡᠪ ᠤᠨ ᠪᠤᠰᠤ ᠪᠠᠶᠢᠳᠠᠯ ᠢ ᠰᠠᠶᠢᠳᠤᠷ ᠠᠩᠬᠠᠷᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠤ ᠭᠡᠷᠡᠭ ᠤᠨ ᠰᠦᠪᠡᠭᠴᠢ ᠶᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠮᠤᠷ ᠠᠮᠤᠭᠤᠯᠠᠩ  ᠬᠤᠩ ᠴᠢ ᠪᠠᠯᠭᠠᠰᠤ ᠶᠢ  ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号