ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ | ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠬᠦᠯᠬᠦ ᠶᠢᠨ | ᠲᠥᠯᠥᠭᠡ᠂ 6 ᠰᠠᠷ᠎ᠠ ᠶᠢᠨ 19 ᠤ ᠡᠳᠦᠷ ᠴᠢᠶᠠᠨ ᠶᠢᠨ ᠭᠸᠦ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ | ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠴᠢᠬᠡᠴᠢ ᠵᠠᠰᠠᠭ ᠤᠨ | ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠰᠤᠷᠤᠯᠴᠠᠭᠤᠯᠪᠠ᠃ ᠲᠠᠶᠢᠯᠪᠤᠷᠢᠯᠠᠭᠴᠢ ᠶᠢᠨ | ᠳᠠᠭᠠᠭᠤᠯᠭ᠎ᠠ ᠳᠣᠣᠷ᠎ᠠ᠂ ᠨᠠᠮ ᠤᠨ ᠭᠡᠰᠢᠭᠦᠳ ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ | ᠲᠣᠭᠤᠷᠢᠨ ᠦᠵᠡᠭᠰᠡᠨ ᠪᠥᠭᠡᠳ ᠲᠠᠶᠢᠯᠪᠤᠷᠢ ᠲᠠᠨᠢᠯᠴᠠᠭᠤᠯᠭ᠎ᠠ ᠶᠢ ᠰᠣᠨᠣᠰᠬᠤ ᠬᠡᠯᠪᠡᠷᠢ ᠪᠠᠷ ᠳᠤᠮᠳᠠᠳᠤ ᠤᠯᠤᠰ ᠤᠨ | ᠡᠪ ᠬᠠᠮᠲᠤ ᠨᠠᠮ ᠤᠨ ᠢᠯᠵᠡᠷᠡᠯ ᠢ ᠡᠰᠡᠷᠭᠦᠴᠡᠭᠰᠡᠨ ᠥᠩᠭᠡᠷᠡᠯᠲᠡ ᠪᠣᠯᠤᠨ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ | ᠨᠠᠷᠢᠨ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠲᠤ ᠢᠯᠵᠡᠷᠡᠯ ᠢ ᠡᠰᠡᠷᠭᠦᠴᠡᠵᠦ ᠠᠷᠢᠭᠤᠨ ᠴᠢᠬᠡᠴᠢ ᠶᠢ | ᠡᠷᠬᠢᠮᠯᠡᠬᠦ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠢ ᠬᠦᠷᠳᠡᠭᠡᠨ᠂ ᠠᠷᠢᠭᠤᠨ ᠴᠢᠬᠡᠴᠢ ᠪᠠᠷ ᠪᠡᠶ᠎ᠡ ᠪᠠᠨ | ᠱᠠᠭᠠᠷᠳᠠᠬᠤ ᠶᠢᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠵᠤ᠂ ᠢᠯᠵᠡᠷᠡᠯ ᠢ ᠡᠰᠡᠷᠭᠦᠴᠡᠵᠦ ᠬᠤᠪᠢᠷᠠᠬᠤ ᠶᠢ | ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠬᠦᠯᠦᠭᠰᠡᠨ ᠪᠠᠶᠢᠨ᠎ᠠ ᠃ | ᠤᠯᠠᠨ ᠢᠶᠠᠷ ᠢᠶᠠᠨ᠂ ᠬᠤᠶᠢᠰᠢᠳᠠ ᠲᠤᠰ ᠪᠡᠶ᠎ᠡ ᠶᠢᠨ ᠨᠠᠮᠴᠢ ᠴᠢᠨᠠᠷ ᠤᠨ ᠪᠣᠯᠪᠠᠰᠤᠷᠠᠯ ᠪᠣᠯᠤᠨ ᠠᠷᠢᠭᠤᠨ ᠴᠢᠬᠡᠴᠢ ᠶᠢᠨ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠯᠠᠪᠳᠠᠭᠤᠨ | ᠪᠠᠲᠤᠲᠠᠢ ᠠᠵᠢᠯᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠲᠥᠪ ᠭᠤᠣᠯᠴᠢ ᠠᠷᠢᠭᠤᠨ ᠴᠢᠬᠡᠴᠢ ᠤᠯᠤᠰ | ᠲᠦᠷᠦ ᠶᠢᠨ ᠤᠤᠷ ᠴᠢᠨᠠᠷ ᠢᠶᠠᠨ ᠢᠮᠠᠭᠳᠠ ᠪᠠᠲᠤᠯᠠᠨ᠎ᠠ ᠭᠡᠵᠦ ᠢᠯᠡᠷᠭᠡᠶᠢᠯᠡᠵᠡᠢ᠃ |