ᠯᠥᠸᠧ ᠴᠢᠩ ᠲᠠᠶᠢᠹᠤᠰᠧ ᠬᠤᠰᠢᠭᠤ ᠰᠢᠯᠤᠭᠤᠨ ᠬᠥᠬᠡ ᠬᠤᠰᠢᠭᠤᠨ ᠳᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/6/21
  ᠤᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠲᠠᠶᠢᠹᠤᠰᠧ ᠬᠤᠰᠢᠭᠤ᠂ ᠰᠢᠯᠤᠭᠤᠨ ᠬᠥᠬᠡ ᠬᠤᠰᠢᠭᠤ ᠵᠡᠷᠭᠡ ᠭᠠᠵᠠᠷ ᠲᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠯᠥᠸᠧ ᠴᠢᠩ ᠲᠠᠶᠢᠹᠤᠰᠧ ᠬᠤᠰᠢᠭᠤᠨ ᠤ ᠪᠢᠶᠠᠨ ᠴᠢᠶᠠᠩ ᠲᠣᠰᠬᠤᠨ ᠳᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠤᠯᠠᠨ ᠲᠦᠮᠡᠨ ᠤ ᠪᠠᠴᠢᠮ ᠬᠦᠴᠢᠷᠳᠡᠯ ᠲᠤᠯᠭᠠᠮ ᠱᠠᠭᠠᠷᠳᠠᠯᠭ᠎ᠠ ᠶᠢ ᠬᠦᠴᠦᠯᠡᠨ ᠰᠶᠢᠳᠪᠦᠷᠢᠯᠡᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠴᠢᠨᠠᠭᠰᠢᠳᠠ ᠨᠢᠭᠲᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠲᠠᠶᠢᠹᠦᠰᠧ ᠬᠤᠰᠢᠭᠤᠨ ᠤ ᠪᠤᠤᠴᠠᠩ ᠠᠵᠤ ᠦᠢᠯᠡᠰ ᠤᠨ ᠬᠦᠷᠢᠶᠡᠯᠡᠩ ᠳᠤ᠂ ᠯᠥᠸᠧ ᠴᠢᠩ ᠨᠦᠭᠡᠴᠡ ᠡᠨᠧᠷᠭᠢ ᠶᠢᠨ ᠳ᠋ᠢᠶᠠᠨ ᡂᠢ᠂ ᠴᠠᠬᠢᠯᠭᠠᠨ ᠳᠡᠭᠡᠰᠦ᠂ ᠬᠢᠮᠡᠯ ᠠᠯᠮᠠᠰ᠂ ᠲᠥᠮᠥᠰᠥ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢ ᠪᠠᠲᠤᠯᠠᠬᠤ ᠶᠢᠨ ᠬᠠᠮᠲᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ ᠵᠠᠩᠭᠢᠯᠠᠭ᠎ᠠ ᠶᠢᠨ ᠬᠡᠯᠬᠢᠶ᠎ᠡ ᠶᠢ ᠨᠥᠬᠦᠪᠦᠷᠢᠯᠡᠨ᠂ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠭᠤᠮ ᠤᠨ ᠲᠠᠭᠢᠯᠳᠡ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠬᠤᠷᠢᠶᠠᠨ ᠠᠪᠴᠤ ᠵᠠᠳᠠᠯᠬᠤ ᠲᠥᠷᠥᠯ ᠵᠦᠢᠯ ᠤᠨ ᠠᠬᠤᠢ ᠲᠠᠯᠠᠪᠠᠢ ᠳᠤ᠂ ᠲᠡᠷᠡ᠂ ᠤᠯᠤᠰ ᠤᠨ ᠰᠢᠨ᠎ᠡ ᠨᠢᠭᠡ ᠡᠭᠡᠯᠵᠢ ᠶᠢᠨ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ᠂ ᠡᠬᠢ ᠪᠠᠶᠠᠯᠢᠭ ᠢ ᠣᠷᠴᠢᠯᠳᠤᠭᠤᠯᠤᠨ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ︽ᠰᠢᠨ᠎ᠡ ᠶᠢ ᠰᠣᠯᠢᠬᠤ + ᠬᠤᠷᠢᠶᠠᠨ ᠠᠪᠬᠤ︾ ᠪᠤᠳᠠᠰ ᠤᠨ ᠭᠦᠢᠯᠭᠡᠭᠡᠨ ᠤ ᠰᠢᠰᠲ᠋ᠧᠮ ᠪᠠ ᠰᠢᠨ᠎ᠡ ᠵᠠᠭᠪᠤᠷ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠢ ᠭᠡᠵᠦ ᠵᠠᠬᠢᠪᠠ᠃ ᠰᠢᠯᠤᠭᠤᠨ ᠬᠥᠬᠡ ᠬᠤᠰᠢᠭᠤᠨ ᠤ ᠶᠤᠸᠠᠨ ᠤ ᠳᠡᠭᠡᠳᠦ ᠨᠡᠶᠢᠰᠯᠡᠯ ᠤᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠲᠤ᠂ ᠯᠥᠸᠧ ᠴᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠲᠡᠦᠬᠡ ᠰᠣᠶᠣᠯ ᠤᠨ ᠡᠬᠢ ᠪᠠᠶᠠᠯᠢᠭ ᠢ ᠠᠭᠤᠳᠠᠯᠬᠤ᠂ ᠲᠠᠶᠢᠯᠪᠤᠷᠢᠯᠠᠬᠤ ᠪᠠ ᠤᠯᠠᠮᠵᠢᠯᠠᠬᠤ ᠶᠢ ᠴᠢᠩᠭᠠᠳᠬᠠᠨ᠂ ᠵᠢᠭᠤᠯᠴᠢᠯᠠᠬᠰᠠᠳ ᠤᠨ ᠦᠢᠯᠡᠴᠢᠯᠡᠭᠡᠨ ᠤ ᠲᠥᠪ ᠤᠨ ᠪᠡᠯᠡ ᠣᠷᠣᠭᠤᠯᠤᠯᠲᠠ ᠶᠢ ᠲᠦᠷᠭᠡᠨ ᠠᠬᠢᠭᠤᠯᠵᠤ᠂ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠨ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠮᠢᠬᠠᠨ ᠤ ᠦᠬᠡᠷ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠪᠠ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠵᠣᠴᠢᠯᠠᠬᠤ ᠲᠢᠩᠬᠢᠮ ᠳᠤ᠂ ᠯᠥᠸᠧ ᠴᠢᠩ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠢᠯ ᠢ ᠭᠦᠢᠴᠡᠳ ᠰᠠᠶᠢᠲᠤᠷ ᠬᠢᠵᠦ᠂ ᠠᠵᠤ ᠦᠢᠯᠡᠰ ᠤᠨ ᠨᠡᠮᠡᠯᠲᠡ ᠥᠷᠲᠡᠭ ᠪᠠ ᠦᠨ᠎ᠠ ᠭᠦᠷᠭᠡᠭᠦ ᠦᠷ᠎ᠡ ᠠᠰᠢᠭ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠴᠢᠷᠮᠠᠶᠢᠨ ᠳᠠᠶᠢᠴᠢᠯᠠᠬᠤ ᠭᠡᠷᠡᠭᠳᠡᠢ ᠭᠡᠵᠦ ᠴᠢᠬᠤᠯᠠᠴᠢᠯᠠᠪᠠ᠃ ᠰᠢᠯᠤᠭᠤᠨ ᠬᠥᠬᠡ ᠬᠤᠰᠢᠭᠤᠨ ᠳᠤ᠂ ᠯᠥᠸᠧ ᠴᠢᠩ ᠲᠤᠬᠠᠢ ᠶᠢᠨ ᠲᠠᠯᠠᠪᠠᠢ ᠳᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠤᠨ ᠠᠵᠢᠯ ᠢ ᠲᠣᠬᠢᠷᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠵᠠᠰᠠᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ᠂ ᠪᠤᠬᠢᠷᠳᠦᠯ ᠦᠭᠡᠢ ᠴᠢᠨᠡᠭᠡᠯᠢᠭ ᠬᠠᠮᠲᠤ ᠪᠠᠷ ᠤᠷᠤᠭᠰᠢᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠬᠦᠴᠦᠨ ᠣᠨᠴᠠᠭᠠᠶᠢᠯᠠᠨ ᠮᠠᠯᠴᠢᠨ ᠲᠠᠷᠢᠶᠠᠴᠢᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ  ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠥᠸᠧ ᠴᠢᠩ ᠪᠠᠰᠠ 207 ᠮᠤᠵᠢ ᠶᠢᠨ ᠵᠠᠮ ᠤᠨ ᠡᠮᠡᠭᠡᠯ ᠳᠠᠪᠠᠭ᠎ᠠ ᠠᠴᠠ ᠴᠥᠭᠦᠷᠥᠮ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠠᠶᠢᠮᠠᠭ ᠤᠨ ᠳᠡᠳ᠋ ᠳᠠᠷᠤᠭ᠎ᠠ ᠶᠠᠩ ᠯᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号