ᠲᠠᠶᠢᠹᠤᠰᠧ ᠬᠤᠰᠢᠭᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2024/6/21
 6 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤ 2024 ᠣᠨ ᠤ ︽ᠠᠮᠤᠭᠤᠯᠠᠩ ᠬᠤᠨᠳᠠᠭᠠᠲᠤ︾ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠡᠷᠬᠢᠯᠡᠵᠦ᠂  ᠪᠦᠬᠦ ᠬᠤᠰᠢᠭᠤᠨ ᠤ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ ᠠᠴᠠ ᠢᠷᠡᠭᠰᠡᠨ 24 ᠠᠩᠭᠢ ᠤᠷᠤᠯᠳᠤᠭᠠᠨ ᠳᠤ ᠤᠷᠤᠯᠴᠠᠪᠠ᠃ ᠮᠡᠳᠡᠯᠭᠡ ᠶᠢᠨ ᠤᠷᠤᠯᠳᠤᠭᠠᠨ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠪᠠᠷ ᠭᠤᠤᠯ ᠰᠡᠳᠦᠪ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠬᠠᠤᠯᠢ ᠲᠦᠷᠢᠮ᠂ ᠪᠠᠴᠢᠮ ᠪᠠᠶᠢᠳᠠᠯ ᠢ ᠠᠷᠭᠠᠴᠠᠵᠤ ᠤᠰᠤᠯ ᠠᠳᠡᠯ ᠢ ᠰᠡᠷᠭᠡᠶᠢᠯᠡᠬᠦ ᠶᠡᠷᠦ ᠶᠢᠨ ᠮᠡᠳᠡᠯᠭᠡ᠂ ᠠᠵᠢᠯᠴᠢᠨ ᠤ ᠡᠪᠯᠡᠯ ᠤᠨ ᠬᠠᠤᠯᠢ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠴᠠᠢ᠃  ᠤᠷᠤᠯᠳᠤᠭᠠᠨ ᠨᠢ ᠪᠡᠯᠡᠳᠬᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠬᠦ ᠬᠤᠶᠠᠷ ᠠᠯᠬᠤᠮ ᠢᠶᠠᠷ ᠶᠠᠪᠤᠭᠳᠠᠵᠤ᠂ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠢᠯᠭᠠᠷᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ᠡᠯ᠎ᠡ ᠠᠩᠬᠢ ᠶᠢᠨ ᠬᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠬᠦᠯᠦᠭᠰᠡᠨ ᠢᠶᠠᠷ ᠪᠠᠷᠠᠬᠤ ᠦᠬᠡᠢ᠂  ᠺᠠᠳ᠋ᠷ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ᠂  ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠢᠳᠡᠪᠬᠢᠵᠢᠯ ᠪᠠ ᠤᠬᠠᠮᠰᠠᠷ ᠢ ᠲᠠᠶᠢᠴᠢᠯᠠᠨ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ  ᠭᠡᠷᠡᠭᠯᠡᠯᠳᠡ ᠶᠢ ᠠᠬᠢᠭᠤᠯᠬᠤ ᠦᠷ᠎ᠡ  ᠠᠮᠵᠢᠯᠳᠠ ᠳᠤ ᠬᠦᠷᠦᠭᠡᠳ᠂ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ ᠠᠬᠤᠢ ᠲᠠᠯᠠᠪᠠᠶ ᠳᠤ ᠬᠦᠷᠴᠦ  ᠤᠯᠠᠨ ᠲᠠᠢ ᠬᠠᠮᠳᠤ ᠳᠠᠭᠠᠨ ᠤᠷᠤᠯᠳᠤᠭᠠᠨ ᠢ  ᠰᠤᠨᠢᠷᠬᠠᠪᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号