ᠪᠤᠤᠴᠠᠩ ᠪᠠᠯᠭᠠᠰᠤ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/6/21
ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠲᠦᠷᠢᠮ ᠢ ᠰᠠᠬᠢᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠤᠯᠠᠮ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠢᠯᠵᠠᠷᠠᠯ ᠢ ᠡᠰᠡᠷᠭᠦᠴᠡᠨ ᠬᠤᠪᠢᠷᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 18 ᠤ ᠡᠳᠦᠷ ᠪᠤᠤᠴᠠᠩ ᠪᠠᠯᠭᠠᠰᠤᠨ ᠤ ᠬᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃  ᠨᠠᠮ ᠤᠨ ᠭᠡᠰᠢᠭᠦᠨ ᠺᠠᠳ᠋ᠷᠴᠤᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠵᠠᠷᠠᠯ ᠢ ᠡᠰᠡᠷᠭᠦᠴᠡᠭᠰᠡᠨ ᠥᠩᠭᠡᠷᠡᠯᠲᠡ ᠵᠢᠴᠢ ᠠᠷᠢᠭᠤᠨ ᠴᠢᠬᠡᠴᠢ   ᠶᠢᠨ ᠦᠯᠢᠭᠡᠷ ᠳᠠᠭᠤᠷᠢᠶᠠᠯ ᠂ ᠢᠯᠵᠠᠷᠠᠯ ᠲᠤᠷᠤᠶᠢᠳᠠᠯ ᠤᠨ ᠨᠡᠶᠢᠲᠡᠯᠢᠭ ᠵᠢᠱᠢᠶ᠎ᠡ ᠵᠡᠷᠭᠡ ᠶᠢ ᠬᠠᠷᠠᠵᠤ ᠤᠶᠢᠯᠠᠭᠠᠭᠰᠠᠨ ᠤ ᠬᠠᠮᠳᠤ ᠣᠯᠤᠯᠲᠠ ᠲᠦᠷᠦᠭᠳᠡᠯ ᠢᠶᠠᠨ ᠶᠠᠷᠢᠵᠤ ᠰᠤᠯᠢᠯᠴᠠᠭᠰᠠᠨ ᠪᠠᠶᠢᠨ᠎ᠠ᠃ ᠣᠯᠠᠨ ᠢᠶᠠᠷ ᠢᠶᠠᠨ ︽ᠡᠨᠡ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠬᠠᠤᠯᠢ ᠲᠦᠷᠢᠮ ᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠥᠪᠡᠷ ᠢ ᠪᠠᠨ ᠰᠡᠷᠡᠮᠵᠢᠯᠡᠭᠦᠯᠦᠨ ᠥᠪᠡᠷ ᠢ ᠪᠠᠨ ᠵᠣᠷᠢᠭᠵᠢᠭᠤᠯᠵᠤ᠂ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ  ᠲᠤᠤᠨᠢᠭᠤᠯᠤᠨ᠂ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠬᠤᠷᠢᠭ᠎ᠠ ᠱᠤᠭᠤᠮ ᠢ ᠪᠠᠳᠤ ᠰᠠᠬᠢᠨ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ ᠵᠢᠷᠤᠮᠯᠠᠯ ᠪᠣᠯᠭᠠᠵᠤ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ ᠬᠠᠳᠠᠭᠠᠯᠠᠨ᠎ᠠ︾ ᠭᠡᠵᠦ ᠢᠯᠡᠳᠬᠡᠵᠡᠭᠡᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号