ᠴᠢᠶᠠᠨ ᠶᠢᠨ ᠭᠸᠦ ᠪᠠᠯᠭᠠᠰᠤᠨ ᠤ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/21
 ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠬᠦᠯᠬᠦ ᠶᠢᠨ ᠲᠥᠯᠥᠭᠡ᠂ 6 ᠰᠠᠷ᠎ᠠ ᠶᠢᠨ 19 ᠤ ᠡᠳᠦᠷ ᠴᠢᠶᠠᠨ ᠶᠢᠨ ᠭᠸᠦ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠰᠤᠷᠤᠯᠴᠠᠭᠤᠯᠪᠠ᠃ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠨᠠᠮ ᠤᠨ ᠭᠡᠰᠢᠭᠦᠳ  ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠪᠥᠭᠡᠳ ᠲᠠᠶᠢᠯᠪᠤᠷᠢ ᠲᠠᠨᠢᠯᠴᠠᠭᠤᠯᠭ᠎ᠠ ᠶᠢ ᠰᠣᠨᠣᠰᠬᠤ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠵᠡᠷᠡᠯ ᠢ ᠡᠰᠡᠷᠭᠦᠴᠡᠭᠰᠡᠨ ᠥᠩᠭᠡᠷᠡᠯᠲᠡ ᠪᠣᠯᠤᠨ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ ᠨᠠᠷᠢᠨ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠲᠤ ᠢᠯᠵᠡᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠢ  ᠬᠦᠷᠳᠡᠭᠡᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠵᠤ᠂  ᠢᠯᠵᠡᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ  ᠪᠠᠬᠢᠵᠢᠬᠦᠯᠦᠭᠰᠡᠨ ᠪᠠᠶᠢᠨ᠎ᠠ  ᠃  ᠤᠯᠠᠨ ᠢᠶᠠᠷ ᠢᠶᠠᠨ᠂ ᠬᠤᠶᠢᠰᠢᠳᠠ ᠲᠤᠰ ᠪᠡᠶ᠎ᠡ ᠶᠢᠨ ᠨᠠᠮᠴᠢ ᠴᠢᠨᠠᠷ ᠤᠨ ᠪᠣᠯᠪᠠᠰᠤᠷᠠᠯ ᠪᠣᠯᠤᠨ ᠠᠷᠢᠭᠤᠨ ᠴᠢᠬᠡᠴᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠯᠠᠪᠳᠠᠭᠤᠨ ᠪᠠᠲᠤᠲᠠᠢ ᠠᠵᠢᠯᠯᠠᠵᠤ᠂  ᠨᠠᠮ ᠤᠨ ᠭᠡᠰᠢᠭᠦᠨ ᠺᠠᠳ᠋ᠷᠴᠤᠳ ᠤᠨ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠢᠮᠠᠭᠳᠠ ᠪᠠᠲᠤᠯᠠᠨ᠎ᠠ ᠭᠡᠵᠦ ᠢᠯᠡᠷᠭᠡᠶᠢᠯᠡᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号