ᠬᠤᠩ ᠴᠢ ᠪᠠᠯᠭᠠᠰᠤ᠄  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/6/21
  6 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠤᠩ ᠴᠢ ᠪᠠᠯᠭᠠᠰᠤᠨ ᠳᠤ ᠳᠠᠶᠢᠴᠢᠯᠠᠯᠲᠠ ᠶᠢᠨ ᠬᠤᠷᠠᠯ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠢ ᠡᠷᠬᠢᠯᠡᠨ᠂ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠬᠠᠢ ᠴᠢᠩ ᠨᠥᠬᠦᠷ ᠲᠠᠶᠢᠴᠢᠯᠠᠯᠳᠠ ᠶᠢᠨ ᠶᠠᠷᠢᠶ᠎ᠠ ᠲᠠᠯᠪᠢᠵᠤ ᠱᠠᠭᠠᠷᠳᠠᠯᠭ᠎ᠠ ᠳᠤᠷᠠᠳᠴᠠᠢ᠃  ᠯᠢᠦ ᠬᠠᠶ ᠴᠢᠩ ᠠᠴᠠ᠂  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠲᠣᠭᠤᠷᠢᠨ ᠪᠠᠶᠢᠴᠠᠭᠠᠯᠲᠠ ᠬᠢᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠬᠦᠴᠦᠨ ᠢᠶᠠᠨ ᠲᠦᠪᠯᠡᠷᠡᠬᠦᠯᠵᠦ ᠰᠠᠶᠢᠨ ᠬᠢᠬᠦ ᠶᠢᠨ ᠪᠣᠳᠠᠲᠠᠶ ᠢᠯᠡᠷᠡᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠥᠪ ᠴᠢᠩᠭ᠎ᠠ ᠬᠥᠭ ᠠᠶᠠᠰ ᠢ ᠪᠠᠷᠢᠮᠲᠠᠯᠠᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠭᠠᠴᠠᠭ᠎ᠠ ᠲᠣᠰᠬᠤᠨ ᠢ ᠲᠣᠭᠤᠷᠢᠨ ᠪᠠᠶᠢᠴᠠᠭᠠᠬᠤ ᠪᠣᠯ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠴᠢᠬᠤᠯᠠ ᠪᠠᠲᠤᠯᠠᠭ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠪᠣᠳᠠᠲᠤ ᠬᠡᠷᠡᠭᠴᠡᠭᠡ  ᠪᠤᠯᠬᠤᠷ ᠬᠤᠩ ᠴᠢ ᠪᠠᠯᠭᠠᠰᠤᠨ ᠤ ᠨᠠᠮ ᠤᠨ ᠬᠤᠷᠢᠶ᠎ᠠ ᠨᠢ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠢᠶᠠᠨ ᠦᠨᠡᠨᠬᠦ ᠴᠢᠩᠭᠠᠳᠬᠠᠨ᠂ ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠡᠭᠦᠷᠭᠡ ᠶᠢ ᠰᠠᠶᠢᠲᠤᠷ ᠬᠠᠮᠵᠢᠯᠴᠠᠨ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠦᠨ ᠬᠠᠢ ᠹᠧᠩ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠢᠳᠡᠪᠬᠢᠳᠡᠢ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ  ᠡᠷᠡᠰ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠨᠠᠮ ᠤᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠳᠬᠤᠬᠤ ᠲᠠᠢ ᠤᠶᠠᠯᠳᠤᠭᠤᠯᠵᠤ᠂  ᠪᠦᠬᠦ ᠲᠠᠯ᠎ᠠ ᠶᠢᠨ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠨ᠎ᠠ ᠬᠡᠵᠡᠢ᠃ ᠬᠤᠩ ᠴᠢ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠠᠯᠭᠠᠰᠤᠨ ᠤ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号