ᠪᠤᠤᠴᠠᠩ ᠪᠠᠯᠭᠠᠰᠤ᠄ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠰᠠᠨᠠᠭᠤᠯᠤᠭᠰᠠᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/21
ᠪᠤᠤᠴᠠᠩ ᠪᠠᠯᠭᠠᠰᠤ᠄ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠰᠠᠨᠠᠭᠤᠯᠤᠭᠰᠠᠨ ᠠᠯᠪᠠᠨ ᠵᠠᠷᠯᠠᠯ    ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠦᠶᠡᠷ ᠤᠨ ᠬᠤᠭᠤᠴᠠᠭ᠎ᠠ ᠠᠮᠤᠷ ᠲᠦᠪᠰᠢᠨ ᠢᠶᠠᠷ ᠥᠩᠭᠡᠷᠡᠭᠦᠯᠬᠦ ᠶᠢᠨ ᠲᠥᠯᠥᠭᠡ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠲᠤᠬᠠᠶ ᠳᠣᠤᠷᠠᠬᠢ ᠮᠡᠲᠦ ᠰᠠᠨᠠᠭᠤᠯᠭ᠎ᠠ ᠶᠢ ᠭᠠᠷᠭᠠᠯ᠎ᠠ᠄    1. ᠦᠶᠡᠷ ᠤᠨ ᠬᠤᠭᠤᠴᠠᠭᠠᠨ ᠳᠤ ᠠᠶᠤᠯ ᠲᠠᠢ ᠭᠠᠵᠠᠷ ᠣᠷᠣᠨ᠂ ᠢᠯᠠᠩᠭᠤᠶ᠎ᠠ ᠠᠮᠠᠷᠬᠠᠨ ᠦᠶᠡᠷ ᠤᠰᠤᠳᠠᠯ ᠪᠤᠯᠬᠤ᠂ ᠠᠭᠤᠯᠠ ᠬᠠᠳᠠ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠶᠠᠪᠤᠬᠤ ᠵᠡᠷᠭᠡ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠳᠡᠭ ᠭᠠᠵᠠᠷ ᠲᠤ ᠣᠴᠢᠵᠤ ᠪᠣᠯᠬᠤ ᠦᠭᠡᠢ᠃    2. ᠭᠤᠤᠯ  ᠤᠨ ᠤᠷᠤᠰᠬᠠᠯ ᠤᠨ ᠬᠤᠶᠠᠷ ᠬᠠᠵᠠᠭᠤ ᠳᠤ ᠰᠠᠭᠤᠷᠢᠰᠢᠵᠤ ᠪᠠᠶᠢᠭ᠎ᠠ ᠠᠷᠠᠳ ᠢᠷᠭᠡᠳ ᠭᠤᠤᠯ ᠤᠨ ᠤᠰᠤᠨ ᠤ ᠬᠡᠮᠵᠢᠶ᠎ᠡ᠂ ᠴᠠᠭ ᠠᠭᠤᠷ ᠤᠨ ᠬᠤᠪᠢᠷᠠᠯᠲᠠ ᠶᠢ ᠨᠢᠬᠳᠠ ᠠᠩᠬᠠᠷᠴᠤ᠂ ᠬᠡᠷ ᠬᠦᠷᠢᠶᠡᠨ ᠳᠤ ᠤᠰᠤ ᠣᠷᠣᠭᠰᠠᠨ  ᠪᠤᠯ  ᠲᠣᠰᠬᠤᠨ ︵ᠨᠡᠶᠢᠭᠡᠮ ᠲᠣᠭᠤᠷᠢᠭ︶  ᠤ   ᠪᠠᠨ ᠬᠠᠷᠢᠭᠤᠴᠠᠯᠭᠠᠳᠠᠨ ᠳᠤ ᠴᠠᠭ ᠲᠤᠬᠠᠶ ᠳᠤᠨᠢ ᠮᠡᠳᠡᠬᠦᠯᠬᠦ ᠬᠡᠷᠡᠭᠲᠡᠶ᠃    3. ᠦᠶᠡᠷ ᠤᠨ ᠬᠤᠭᠤᠴᠠᠭᠠᠨ ᠳᠤ ᠭᠡᠷ ᠤᠨ ᠭᠠᠳᠠᠨᠠᠬᠢ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠨ᠂ ᠢᠯᠠᠩᠭᠤᠶ᠎ᠠ ᠨᠠᠰᠤᠨ ᠳᠤ ᠥᠯᠥ ᠭᠦᠷᠦᠭᠰᠡᠳ ᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠳᠤᠷ᠎ᠠ ᠪᠠᠷ ᠢᠶᠠᠨ ᠤᠰᠤᠨ  ᠳᠤ ᠨᠠᠭᠠᠳᠬᠤ᠂ ᠤᠰᠤᠨ ᠳᠤ ᠤᠮᠪᠠᠭ᠋ᠤ᠂ ᠵᠢᠭᠠᠰᠤ ᠭᠥᠬᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠮᠠᠯ ᠬᠠᠷᠢᠭᠤᠯᠬᠤ ᠳᠠᠭᠠᠨ ᠭᠠᠵᠠᠷ ᠤᠨ ᠪᠠᠶᠢᠴᠠ ᠥᠨᠳᠥᠷ ᠭᠠᠵᠠᠷ ᠢ ᠰᠤᠩᠭᠤᠨ᠎ᠠ᠂ ᠭᠤᠣᠯ ᠤᠨ ᠤᠶᠢᠷ᠎ᠠ ᠬᠠᠪᠢ᠂ ᠬᠤᠲᠣᠭᠤᠷ ᠭᠠᠵᠠᠷ ᠪᠤᠶᠤ  ᠪᠤᠷᠤᠭᠠᠨ ᠶᠡᠬᠡᠳᠡᠢ ᠭᠠᠵᠠᠷ ᠲᠤ ᠣᠴᠢᠬᠤ ᠶᠢ ᠴᠡᠭᠡᠷᠯᠡᠨ᠎ᠡ᠃    4. ᠠᠶᠤᠩᠭᠠᠲᠤ ᠪᠣᠷᠣᠭᠠᠨ ᠲᠣᠬᠢᠶᠠᠯᠳᠤᠪᠠᠯ ᠠᠶᠤᠯ ᠦᠬᠡᠢ ᠭᠡᠷ ᠪᠠᠶᠢᠰᠢᠩ ᠳᠤ ᠲᠠᠯᠳᠠᠯᠠᠨ᠎ᠠ᠂  ᠦᠨᠳᠦᠷ ᠮᠣᠳᠣᠨ ᠤ ᠳᠣᠣᠷ᠎ᠠ ᠵᠤᠭᠰᠤᠵᠤ ᠪᠤᠯᠬᠤ ᠦᠭᠡᠢ᠂ ᠲᠡᠮᠦᠷᠯᠢᠭ ᠡᠳ᠋ ᠪᠣᠳᠠᠰ ᠠᠪᠴᠤ ᠶᠠᠪᠤᠬᠤ  ᠪᠤᠶᠤ ᠭᠠᠷ ᠤᠲᠠᠰᠤ  ᠭᠡᠷᠡᠭᠯᠡᠵᠦ ᠪᠣᠯᠬᠤ ᠦᠭᠡᠢ᠃ ᠭᠤᠣᠯ ᠮᠥᠷᠡᠨ ᠨᠠᠭᠤᠷ ᠴᠥᠭᠦᠷᠥᠮ᠂ ᠦᠶᠡᠷ ᠰᠡᠷᠭᠡᠶᠢᠯᠡᠬᠦ ᠭᠤᠤ ᠭᠠᠩᠭ᠎ᠠ ᠵᠢᠴᠢ ᠵᠠᠮ  ᠤᠨ ᠫᠠᠶᠢᠰᠠ ᠢᠯᠡᠷᠭᠡᠶᠢᠯᠡᠯ  ᠂ ᠬᠠᠶᠠᠭᠳᠠᠮᠠᠯ ᠭᠡᠷ ᠪᠠᠷᠢᠯᠭ᠎ᠠ ᠠᠴᠠ ᠵᠠᠶᠢᠳᠠᠭᠤ ᠪᠠᠶᠢᠬᠤ ᠬᠡᠷᠡᠭᠲᠡᠢ  ᠃    5. ᠦᠶᠡᠷ ᠤᠨ ᠤᠰᠤᠨ ᠠᠴᠠ ᠵᠠᠶᠢᠯᠠᠵᠤ ᠵᠠᠪᠳᠤᠬᠤ ᠦᠬᠡᠢ ᠦᠶᠡᠰ᠂ ᠪᠠᠬᠢᠯᠢᠭ᠌ ᠭᠡᠷ ᠪᠠᠶᠢᠰᠢᠩ ᠤᠨ ᠤᠷᠤᠢ  ᠳᠤ ᠪᠤᠶᠤ ᠥᠨᠳᠥᠷ ᠮᠣᠳᠣ᠂ ᠥᠨᠳᠥᠷ ᠭᠠᠵᠠᠷ ᠲᠤ ᠭᠠᠷᠴᠤ ᠪᠠᠶᠢᠭᠠᠳ ᠲᠦᠷ ᠵᠠᠶᠢᠯᠠᠨ᠎ᠠ᠃ ᠭᠠᠷ ᠳ᠋ᠧᠩ᠂  ᠱᠦᠭᠯᠦ ᠬᠠᠷᠠᠩᠭ᠎ᠠ᠂ ᠲᠤᠭ ᠲᠠᠯᠪᠠᠭ᠎ᠠ᠂  ᠬᠢᠯᠠᠭᠠᠷ ᠦᠩᠭᠡ ᠲᠠᠢ ᠪᠦᠰ ᠪᠠᠷᠠᠭ᠎ᠠ ᠵᠡᠷᠭᠡ ᠶᠢ ᠭᠡᠷᠡᠭᠯᠡᠨ ᠠᠪᠤᠷᠠᠯᠳᠠ ᠶᠢᠨ ᠳᠣᠬᠢᠶ᠎ᠠ ᠲᠠᠮᠵᠢᠭᠤᠯᠵᠤ ᠪᠤᠯᠤᠨ᠎ᠠ᠃    6. ᠪᠣᠷᠣᠭᠠᠨ ᠲᠠᠢ ᠳᠤ ᠠᠶᠠᠯᠠᠬᠤ ᠳᠠᠭᠠᠨ ᠳ᠋ᠧᠩ ᠤᠨ ᠪᠠᠭᠠᠨ᠎ᠠ᠂ ᠴᠠᠬᠢᠯᠭᠠᠨ ᠤᠲᠠᠰᠤᠨ ᠤ ᠪᠠᠭᠠᠨ᠎ᠠ᠂ ᠬᠦᠴᠦᠳᠡᠯ ᠥᠭᠡᠷᠡᠴᠢᠯᠡᠭᠴᠢ᠂ ᠴᠠᠬᠢᠯᠭᠠᠨ ᠤᠲᠠᠰᠤ ᠪᠠ ᠲᠡᠭᠦᠨ ᠤ ᠣᠶᠢᠷ᠎ᠠ ᠬᠠᠪᠢ ᠶᠢᠨ ᠮᠣᠳᠣ ᠵᠡᠷᠭᠡ ᠴᠠᠬᠢᠯᠭᠠᠨ ᠲᠠᠮᠵᠢᠬᠤ  ᠪᠤᠯᠤᠮᠵᠢ ᠲᠠᠢ ᠡᠳ᠋ ᠪᠤᠳᠠᠰ ᠠᠴᠠ ᠵᠠᠶᠢᠯᠠᠰᠬᠢᠨ᠎ᠡ᠃  ᠤᠰᠤ ᠲᠤᠨᠤᠭᠰᠠᠨ ᠭᠠᠵᠠᠷ ᠢᠶᠠᠷ ᠥᠩᠭᠡᠷᠡᠬᠦ ᠳᠡᠭᠡᠨ ᠴᠠᠬᠢᠯᠭᠠᠨ ᠤᠲᠠᠰᠤ ᠤᠰᠤᠨ ᠳᠤ ᠤᠨᠠᠭᠰᠠᠨ ᠢ ᠣᠯᠵᠤ ᠮᠡᠳᠡᠪᠡᠯ ᠡᠷᠬᠡᠪᠰᠢ ᠬᠤᠯᠠ ᠵᠠᠶᠢᠯᠠᠬᠤ ᠶᠢᠨ ᠬᠠᠮᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠤᠷᠤᠵᠤ ᠲᠡᠪᠳᠦᠭᠰᠡᠨ ᠬᠡᠷᠡᠮ ᠬᠠᠨ᠎ᠠ ᠶᠢ ᠲᠠᠭᠠᠵᠤ ᠶᠠᠪᠤᠬᠤ ᠪᠤᠶᠤ ᠲᠡᠷᠭᠡ ᠤᠨᠤᠭ᠎ᠠ ᠪᠠᠨ ᠵᠤᠭᠰᠤᠭᠠᠵᠤ ᠪᠣᠯᠬᠤ ᠦᠭᠡᠢ  ᠃    7. ᠦᠶᠡᠷ ᠤᠨ ᠬᠤᠭᠤᠴᠠᠭᠠᠨ ᠳᠤ ᠲᠤᠯᠠᠭᠠᠨ ᠤ ᠬᠡᠮᠵᠢᠶ᠎ᠡ ᠥᠨᠳᠥᠷ᠂ ᠪᠣᠷᠣᠭᠠᠨ ᠡᠯᠪᠡᠭ᠂ ᠰᠠᠯᠬᠢ ᠶᠡᠭᠡ  ᠂ ᠠᠶᠤᠩᠭ᠎ᠠ ᠴᠠᠬᠢᠯᠭᠠᠨ ᠤᠯᠠᠨ ᠪᠤᠯᠬᠤᠷ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠭᠠᠯ ᠴᠠᠬᠢᠯᠭᠠᠨ ᠰᠢᠲᠠᠮᠠᠬᠠᠶ ᠬᠡᠶ    ᠶᠢᠨ ᠲᠥᠬᠦᠭᠡᠷᠦᠮᠵᠢ᠂ ᠬᠥᠮᠦᠨ ᠬᠠᠷ᠎ᠠ ᠬᠤᠷᠠᠨ ᠴᠤᠭᠯᠠᠷᠠᠳᠠᠭ ᠭᠠᠵᠠᠷ   ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠨ ᠬᠢᠬᠦ ᠬᠡᠷᠡᠭᠲᠡᠶ᠃    8. ᠭᠡᠭᠡᠷ᠎ᠡ ᠬᠦᠳᠡᠭᠡ ᠮᠠᠯ ᠬᠠᠷᠢᠭᠤᠯᠬᠤ ᠬᠦᠮᠦᠰ ᠴᠠᠭ ᠠᠭᠤᠷ ᠤᠨ ᠮᠡᠳᠡᠭᠡ ᠶᠢ ᠴᠠᠭ ᠲᠤᠬᠠᠶ ᠳᠤᠨᠢ ᠠᠩᠬᠠᠷᠬᠤ ᠶᠢᠨ ᠬᠠᠮᠲᠤ᠂  ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠳᠠ ᠠᠩᠬᠠᠷᠴᠤ᠂ ᠭᠡᠨᠡᠳᠲᠡ ᠶᠢᠨ ᠪᠣᠷᠣᠭᠠᠨ ᠲᠣᠬᠢᠶᠠᠯᠳᠤᠪᠠᠯ᠂ ᠮᠠᠯ ᠤᠨᠤᠭ᠎ᠠ ᠪᠠᠨ ᠬᠤᠲᠣᠭᠤᠷ ᠭᠠᠵᠠᠷ ᠲᠤ ᠤᠷᠤᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠰᠢᠷᠦᠬᠦᠨ ᠪᠤᠷᠤᠭᠠᠨ ᠤᠷᠤᠬᠤ ᠦᠶᠡᠰ ᠡᠭᠴᠡ ᠬᠦᠳᠦᠯ ᠪᠤᠶᠤ ᠭᠤᠤ ᠭᠠᠩᠭ᠎ᠠ ᠳᠤ ᠬᠤᠷᠭᠤᠳᠠᠵᠤ ᠪᠤᠯᠬᠤ ᠦᠬᠡᠢ᠃    9.  ᠪᠣᠷᠣᠭᠠᠨ  ᠤᠷᠤᠵᠤ ᠠᠶᠤᠩᠭ᠎ᠠ  ᠬᠢᠯᠪᠡᠬᠦ ᠦᠶᠡᠰ᠂  ᠬᠡᠢ ᠴᠠᠬᠢᠯᠭᠠᠨ ᠤ ᠬᠠᠮᠢᠶᠠᠷᠤᠯᠲᠠ ᠶᠢ ᠴᠢᠩᠭᠠᠳᠬᠠᠵᠤ᠂  ᠴᠠᠬᠢᠯᠭᠠᠨ ᠬᠡᠷᠡᠭᠯᠡᠬᠦ ᠲᠥᠬᠦᠭᠡᠷᠥᠮᠵᠢ ᠪᠠᠨ ᠬᠠᠭᠠᠵᠤ᠂  ᠰᠢᠳᠠᠮᠠᠬᠠᠢ ᠬᠡᠢ ᠯᠡᠪᠡᠷᠡᠵᠦ ᠭᠤᠭᠤᠵᠢᠬᠤ ᠪᠠ ᠴᠠᠬᠢᠯᠭᠠᠨ ᠤᠲᠠᠰᠤ ᠤᠰᠤᠨ ᠳᠤ ᠨᠤᠷᠤᠵᠤ ᠠᠶᠤᠯ ᠭᠠᠷᠬᠤ ᠠᠴᠠ ᠰᠡᠷᠭᠡᠶᠢᠯᠡᠨ᠎ᠡ᠃    10. ᠤᠰᠤᠨ ᠳᠤ ᠠᠪᠲᠠᠭᠳᠠᠭᠰᠠᠨ ᠵᠠᠮ ᠢᠶᠠᠷ ᠠᠶᠠᠯᠠᠬᠤ ᠳᠠᠭᠠᠨ ᠤᠰᠤᠨ ᠤ ᠪᠠᠶᠢᠳᠠᠯ ᠢ ᠠᠵᠢᠭᠯᠠᠵᠤ᠂  ᠭᠦᠨ ᠤᠰᠤᠨ ᠳᠤ ᠤᠷᠤᠬᠤ ᠪᠤᠶᠤ ᠨᠦᠬᠡ ᠬᠠᠭ᠋ᠠᠨ ᠳᠤ ᠤᠨᠠᠬᠤ ᠠᠴᠠ ᠰᠡᠷᠭᠡᠶᠢᠯᠡᠬᠦ ᠬᠡᠷᠡᠭᠲᠡᠶ᠃ ᠦᠶᠡᠷ ᠤᠨ ᠤᠰᠤ ᠪᠥᠷᠢᠮᠥᠰᠥᠨ ᠠᠷᠢᠯᠬᠤ ᠠᠴᠠ ᠡᠮᠦᠨ᠎ᠡ᠂ ᠠᠮᠠᠷᠬᠠᠨ ᠤᠰᠤᠳᠠᠬᠤ ᠭᠠᠵᠠᠷ ᠲᠤ ᠣᠴᠢᠵᠤ ᠪᠣᠯᠬᠤ ᠦᠭᠡᠢ  ᠃    11. ᠦᠶᠡᠷ ᠢᠷᠡᠪᠡᠯ ᠲᠦᠷᠭᠡᠨ ᠵᠠᠶᠢᠯᠠᠬᠤ ᠭᠡᠷᠡᠭᠳᠡᠢ᠃ ᠭᠡᠷ ᠲᠡᠭᠡᠨ ᠬᠠᠰᠢᠭᠳᠠᠭᠰᠠᠨ ᠦᠶ᠎ᠡ ᠳᠤ᠂ ᠮᠤᠳᠤ ᠪᠤᠶᠤ ᠰᠦᠯᠢᠶᠤᠤ ᠪᠦᠳᠦᠴᠡ ᠲᠠᠢ ᠬᠠᠶᠢᠷᠴᠠᠭ᠂  ᠬᠠᠪᠲᠠᠰᠤ᠂ ᠬᠤᠷᠭᠤ  ᠵᠡᠷᠭᠡ ᠬᠦᠩᠭᠡᠨ ᠪᠣᠳᠠᠰ ᠢ ᠠᠰᠢᠭᠯᠠᠨ ᠠᠮᠢ ᠵᠢᠭᠤᠲᠠᠵᠤ ᠪᠣᠯᠤᠨ᠎ᠠ᠂ ᠪᠠᠴᠢᠮ ᠪᠠᠶᠢᠳᠠᠯ ᠳᠣᠣᠷ᠎ᠠ ᠨᠢᠯᠬ᠎ᠠ ᠬᠡᠤᠬᠡᠳ ᠢ ᠲᠤᠮᠤ ᠫᠧᠩᠰᠡ ᠳᠤ ᠬᠢᠵᠦ ᠲᠦᠷ ᠴᠠᠭ ᠠᠮᠢ ᠵᠢᠭᠤᠲᠠᠵᠤ ᠪᠣᠯᠤᠨ᠎ᠠ᠃      ᠥᠷᠭᠡᠨ ᠣᠯᠠᠨ ᠠᠷᠠᠳ ᠢᠷᠭᠡᠳ ᠡᠷᠬᠡᠪᠰᠢ ᠪᠠᠯᠭᠠᠰᠤᠨ ᠤ ᠵᠠᠰᠠᠭ ᠤᠨ ᠣᠷᠳᠣᠨ ᠯᠤᠭ᠎ᠠ ᠢᠳᠡᠪᠬᠢᠲᠡᠶ ᠬᠠᠮᠵᠢᠯᠴᠠᠨ ᠦᠶᠡᠷ ᠠᠴᠠ ᠰᠡᠷᠭᠡᠶᠢᠯᠡᠬᠦ᠂ ᠠᠶᠤᠯ ᠠᠴᠠ ᠵᠠᠶᠢᠯᠠᠬᠤ ᠠᠵᠢᠯ ᠢ ᠰᠠᠶᠢᠨ ᠬᠢᠬᠦ ᠭᠡᠷᠡᠭᠳᠡᠢ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠬᠠᠮᠵᠢᠯᠴᠠᠬᠤ ᠦᠬᠡᠢ ᠪᠤᠯ ᠬᠠᠤᠯᠢ ᠶᠣᠰᠣᠭᠠᠷ ᠠᠷᠭ᠎ᠠ ᠬᠡᠮᠵᠢᠶ᠎ᠡ ᠠᠪᠤᠨ᠎ᠠ᠃ ᠬᠡᠷᠪᠡ ᠪᠠᠴᠢᠮ ᠪᠠᠶᠢᠳᠠᠯ ᠲᠤᠬᠢᠶᠠᠯᠳᠤᠪᠠᠯ ᠴᠠᠭ ᠲᠤᠬᠠᠶ ᠳᠤᠨᠢ ᠪᠠᠯᠭᠠᠰᠤᠨ ᠤ  ᠵᠠᠰᠠᠭ ᠤᠨ ᠣᠷᠳᠣᠨ᠂ ᠲᠣᠮᠢᠯᠠᠭᠰᠠᠨ ᠰᠠᠯᠪᠤᠷᠢ ᠵᠢᠴᠢ  ᠲᠣᠰᠬᠤᠨ ︵ᠨᠡᠶᠢᠭᠡᠮ ᠲᠣᠭᠤᠷᠢᠭ︶ ᠲᠠᠢ ᠪᠠᠨ ᠬᠠᠷᠢᠯᠴᠠᠭᠠᠷᠠᠢ᠃                            ᠪᠤᠤᠴᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ                                          2024  ᠤᠨ ᠤ 6 ᠰᠠᠷ᠎ᠠ ᠶᠢᠨ 5 ᠤ ᠡᠳᠦᠷ
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号