ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠬᠦᠯᠵᠦ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠨ᠎ᠡ
ᠨᠡᠶᠢᠲᠡᠯᠡᠭᠰᠡᠨ ᠴᠠᠭ᠄
2024/6/22
  6 ᠰᠠᠷ᠎ᠠ ᠶᠢᠨ 20᠎ ᠤ ᠡᠳᠦᠷ᠂ ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠲᠠᠷᠢᠶᠠᠯᠠᠩ ᠤᠨ ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠨᠢ ᠥᠪᠥᠷ ᠮᠣᠩᠭᠤᠯ ᠤᠨ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠵᠤ᠂ ᠲᠠᠷᠢᠶᠠᠯᠠᠩ ᠤᠨ ᠪᠠᠩᠬᠢ ᠨᠢ ᠺᠧ ᠲᠠᠢ ᠯᠦᠩ ᠳ᠋ᠠ ᠺᠣᠮᠫᠠᠨᠢ  ᠎ ᠳᠤ 380 ᠲᠦᠮᠡᠨ ᠲᠥᠭᠦᠷᠢᠭ ᠤᠨ  ᠢᠳᠡᠬᠡᠮᠵᠢᠳᠦ ᠵᠢᠬᠡᠯᠡᠯᠭᠡ ᠤᠯᠭᠤᠨ᠂   ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠬᠦᠦ ᠮᠥᠩᠭᠦ ᠶᠢ ᠨᠢ 50%᠎ ᠪᠠᠷ ᠨᠦᠬᠦᠪᠦᠷᠢᠯᠡᠨ᠎ᠡ  ᠬᠡᠵᠦ ᠲᠤᠭᠳᠠᠵᠠᠢ᠃  ᠡᠨᠡ ᠤᠳᠠᠭᠠᠨ ᠤ ᠵᠢᠭᠡᠯᠡᠯᠭᠡ ᠪᠤᠯ ᠲᠠᠷᠢᠶᠠᠯᠠᠩ ᠤᠨ ᠪᠠᠩᠬᠢ ᠪᠠ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠳᠤᠷᠠᠨ ᠲᠡᠳᠬᠦᠭᠰᠡᠨ ᠠᠩᠬᠠᠳᠠᠭᠴᠢ ᠤᠳᠠᠭᠠᠨ ᠤ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠪᠣᠯᠬᠤ ᠶᠤᠮ᠃    ᠥᠪᠥᠷ ᠮᠣᠩᠭᠤᠯ ᠤᠨ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠲᠠᠶᠢᠹᠤᠰᠧ ᠬᠤᠰᠢᠭᠤᠨ ᠤ 30 ᠭᠠᠷᠤᠢ ᠬᠦᠮᠦᠨ ᠳᠤ ᠠᠵᠢᠯ ᠤᠯᠭᠤᠵᠤ  ᠂ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠤᠯᠬᠤ ᠨᠦᠬᠦᠴᠡᠯ ᠬᠡᠮ ᠳᠤ ᠨᠡᠶᠢᠴᠡᠭᠰᠡᠨ ᠪᠤᠯᠬᠤᠷ ᠲᠠᠷᠢᠶᠠᠯᠠᠩ ᠤᠨ ᠪᠠᠩᠬᠢ ᠨᠢ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠶᠠᠷᠢᠯᠴᠠᠵᠤ᠂ ᠲᠤᠰ ᠺᠣᠮᠫᠠᠨᠢ ᠳᠤ ᠲᠠᠮ ᠬᠦᠦ ᠲᠠᠢ ᠵᠢᠭᠡᠯᠡᠯᠭᠡ ᠤᠯᠭᠤᠬᠤ ᠶᠠᠪᠤᠳᠠᠯ ᠢ ᠠᠩᠬ᠎ᠠ ᠠᠯᠬᠤᠮ ᠲᠤᠭᠳᠠᠭᠰᠠᠨ ᠪᠦᠭᠡᠳ ᠬᠤᠶᠠᠷ ᠲᠠᠯ᠎ᠠ ᠪᠠᠷ ᠢᠶᠠᠨ ᠣᠯᠠᠨ ᠤᠳᠠᠭ᠎ᠠ ᠠᠵᠤ ᠠᠬᠤᠶᠢᠯᠠᠯ ᠳᠤ ᠬᠦᠨᠵᠡᠬᠡᠶᠢᠷᠡᠵᠦ ᠬᠢᠨᠠᠨ ᠪᠠᠶᠢᠴᠠᠭᠠᠯᠲᠠ ᠬᠢᠬᠦ ᠪᠠᠷ ᠲᠠᠮᠵᠢᠭᠠᠳ ᠡᠨᠡ ᠤᠳᠠᠭᠠᠨ ᠤ ᠵᠢᠭᠡᠯᠡᠯᠭᠡ ᠶᠢ ᠤᠯᠭᠤᠭᠰᠠᠨ ᠪᠠᠶᠢᠨ᠎ᠠ᠃    ᠲᠠᠷᠢᠶᠠᠯᠠᠩ ᠤᠨ ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠶᠢᠨ ᠲᠡᠳ᠋ ᠲᠠᠷᠤᠭ᠎ᠠ ᠽᠦᠸᠧ ᠶᠦᠨ ᠰᠢᠶᠠ᠄ ︽ ᠮᠠᠨ ᠤ ᠪᠠᠩᠬᠢ ᠨᠢ ᠤᠳᠤ ᠪᠤᠯᠳᠠᠯ᠎ᠠ ᠲᠤᠰ ᠬᠤᠰᠢᠭᠤᠨ ᠤ 32 ᠡᠷᠦᠬᠡ ᠵᠢᠵᠢᠭ ᠪᠠᠭ᠎ᠠ ᠠᠵᠤ ᠠᠬᠤᠶᠢᠯᠠᠯ ᠳᠤ ᠲᠡᠮᠵᠢᠯᠬᠡ ᠦᠵᠡᠬᠦᠯᠵᠦ  ᠂ 130 ᠬᠤᠪᠢ ︵ᠨᠡᠶᠢᠳᠡ 17382 ᠲᠦᠮᠡᠨ ᠲᠦᠬᠦᠷᠢᠭ︶ ᠵᠢᠬᠡᠯᠡᠯᠬᠡ ᠎ ᠶᠢ ᠤᠯᠭᠤᠵᠠᠢ᠃ ᠲᠠᠷᠠᠭᠠᠴᠢ ᠶᠢᠨ ᠠᠯᠬᠤᠮ ᠳᠤ ᠲᠠᠷᠢᠶᠠᠯᠠᠩ ᠤᠨ ᠪᠠᠩᠬᠢ ᠨᠢ ᠵᠠᠰᠠᠭ ᠤᠨ ᠣᠷᠳᠣᠨ ᠯᠤᠭ᠎ᠠ ᠬᠠᠮᠳᠤᠷᠠᠯᠴᠠᠭ᠎ᠠ ᠪᠠᠨ  ᠤᠯᠠᠮ ᠴᠢᠩᠭᠠᠳᠬᠠᠵᠤ᠂ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ᠨᠠᠩ ᠣᠯᠠᠨ ᠰᠢᠯᠢᠳᠡᠭ ᠠᠵᠤ ᠠᠬᠤᠶᠢᠯᠠᠯ ᠢ ᠳᠡᠮᠵᠢᠵᠦ᠂ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠬᠦᠴᠢᠷᠳᠡᠯ  ᠎ ᠢ  ᠰᠢᠢᠳᠪᠦᠷᠢᠯᠡᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠲᠠᠷᠢᠶᠠᠯᠠᠩ ᠤᠨ ᠪᠠᠩᠬᠢ ᠶᠢᠨ ᠬᠦᠴᠦᠨ ᠴᠢᠳᠠᠯ ᠢᠶᠠᠨ ᠡᠷᠭᠦᠨ᠎ᠡ︾᠃    ᠤᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ᠦᠢᠯᠡᠰ ᠪᠦᠳᠦᠭᠡᠬᠦ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂  ᠪᠠᠳᠤᠯᠠᠭᠠᠳᠤ ᠵᠢᠭᠡᠯᠡᠯᠭᠡ ᠶᠢᠨ ᠦᠢᠯᠡᠳᠦᠯ ᠢ ᠭᠦᠢᠴᠡᠳ  ᠪᠠᠳᠠᠷᠠᠭᠤᠯᠤᠨ᠂ ᠦᠢᠯᠡᠰ ᠪᠦᠳᠦᠬᠡᠬᠦ ᠶᠢ ᠲᠡᠳᠬᠦᠵᠦ ᠠᠵᠢᠯ ᠣᠯᠭᠤᠬᠤ ᠶᠢ ᠲᠤᠭᠳᠠᠪᠤᠷᠢᠵᠢᠭᠤᠯᠬᠤ ᠶᠢᠨ ᠬᠠᠮᠲᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠯᠤᠭ᠎ᠠ  ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠦᠨ᠂ ᠲᠡᠳᠬᠦᠬᠦ ᠬᠡᠪᠴᠢᠶ᠎ᠡ ᠶᠢ ᠥᠷᠭᠡᠳᠬᠡᠵᠦ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠬᠦᠯᠦᠨ᠂ ᠳᠠᠮ ᠬᠦᠦ ᠥᠭᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ  ᠨᠡᠮᠡᠷᠢᠯᠡᠵᠦ ᠢᠷᠡᠵᠡᠢ᠃ ᠺᠧ ᠲᠠᠢ ᠯᠦᠩ ᠳ᠋ᠠ ᠺᠤᠮᠫᠠᠨᠢ ᠶᠢᠨ ᠬᠠᠷᠢᠭᠤᠴᠠᠯᠭᠠᠭᠠᠲᠠᠨ ᠯᠢ ᠵᠧᠩ᠄ ︽ᠲᠠᠷᠢᠶᠠᠯᠠᠩ ᠤᠨ ᠪᠠᠩᠬᠢ ᠶᠢᠨ ᠵᠢᠭᠡᠯᠡᠯᠭᠡ ᠨᠢ ᠮᠠᠨ ᠤ ᠠᠵᠤ ᠠᠬᠤᠶᠢᠯᠠᠯ ᠤᠨ ᠣᠬᠤᠷ ᠬᠤᠭᠤᠴᠠᠭᠠᠨ ᠤ ᠪᠡᠯᠡ ᠮᠦᠩᠬᠦ ᠶᠢᠨ ᠬᠡᠷᠡᠭᠴᠡᠭᠡ ᠶᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠭᠰᠡᠨ᠂ ᠠᠵᠢᠯ ᠤᠯᠭᠤᠯᠳᠠ ᠶᠢᠨ ᠲᠥᠪ ᠠᠴᠠ ᠪᠠᠰᠠ ᠬᠦᠦ ᠮᠦᠩᠬᠦ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠮᠠᠨ ᠤ ᠪᠡᠯᠡ ᠬᠤᠷᠠᠮᠳᠤᠭᠤᠯᠬᠤ ᠦᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠠᠢ᠂ ᠪᠢᠳᠡ ᠵᠢᠬᠡᠯᠡᠯᠭᠡ ᠶᠢᠨ ᠮᠦᠩᠬᠦ ᠶᠢ  ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠳᠤ ᠬᠡᠷᠡᠭᠯᠡᠵᠦ᠂ ᠨᠡᠩ ᠰᠠᠶᠢᠨ ᠪᠦᠳᠦᠭᠡᠭᠳᠡᠬᠦᠨ ᠢ ᠦᠢᠯᠡᠳᠪᠦᠷᠢᠯᠡᠵᠦ᠂ ᠤᠯᠠᠨ ᠲᠦᠮᠡᠨ ᠳᠤ ᠦᠢᠯᠡᠴᠢᠯᠡᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号