ᠲᠠᠶᠢᠹᠤᠰᠧ ᠬᠤᠰᠢᠭᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠮᠦᠩᠬᠦ ᠶᠢᠨ ᠬᠢᠨᠠᠨ ᠪᠠᠶᠢᠴᠠᠭᠠᠯᠲᠠ ᠪᠠ ᠡᠳ᠋ ᠤᠨ ᠶᠠᠪᠤᠳᠠᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/6/22
 6 ᠰᠠᠷ᠎ᠠ ᠶᠢᠨ 21 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ 2024 ᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ ᠪᠣᠯᠪᠠᠰᠤᠷᠠᠯ ᠡᠷᠬᠢᠯᠡᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ᠂  ᠵᠠᠷᠤᠳᠠᠯ ᠮᠦᠩᠬᠦ ᠶᠢ ᠬᠢᠨᠠᠨ ᠪᠠᠶᠢᠴᠠᠭᠠᠬᠤ ᠭᠡᠰᠢᠭᠦᠨ ᠵᠢᠴᠢ ᠡᠳ᠋ ᠤᠨ ᠶᠠᠪᠤᠳᠠᠯ ᠤᠨ ᠠᠵᠢᠯᠲᠠᠨ ᠵᠡᠷᠭᠡ 120 ᠬᠥᠮᠦᠨ ᠪᠣᠯᠪᠠᠰᠤᠷᠠᠯ ᠳᠤ ᠤᠷᠤᠯᠴᠠᠵᠠᠢ᠃ ᠡᠨᠡ ᠤᠳᠠᠭᠠᠨ ᠤ ᠪᠣᠯᠪᠠᠰᠤᠷᠠᠯ ᠳᠤ ᠠᠶᠢᠮᠠᠭ ᠤᠨ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ ᠬᠡᠯᠳᠡᠰ ᠤᠨ ᠪᠦᠦ ᠯᠧ ᠶᠠᠩ ᠨᠥᠬᠦᠷ ᠢ ᠤᠷᠢᠵᠤ ᠬᠢᠴᠢᠶᠡᠯ ᠣᠷᠣᠭᠤᠯᠪᠠ᠃ ᠪᠣᠯᠪᠠᠰᠤᠷᠠᠯ ᠨᠢ ᠠᠵᠢᠯᠴᠢᠨ ᠤ ᠡᠪᠯᠡᠯ ᠤᠨ ᠬᠢᠨᠠᠨ ᠪᠤᠳᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠵᠠᠷᠤᠳᠠᠯ ᠮᠦᠩᠬᠦ ᠶᠢ ᠬᠢᠨᠠᠨ ᠪᠠᠶᠢᠴᠠᠭᠠᠵᠤ ᠬᠢᠨᠠᠨ ᠪᠤᠳᠤᠬᠤ᠂  ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ ᠲᠥᠰᠦᠪ  ᠲᠤᠭᠠᠴᠠᠭ᠎ᠠ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠵᠥᠭᠡᠯᠡᠨ ᠲᠣᠨᠤᠭ ᠤᠨ ᠬᠠᠮᠢᠶᠠᠷᠤᠯᠲᠠ ᠶᠢᠨ ᠰᠢᠰᠲ᠋ᠧᠮ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠵᠡᠷᠭᠡ ᠪᠠᠷ ᠭᠤᠤᠯ ᠠᠭᠤᠯᠭ᠎ᠠ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠭᠰᠡᠨ ᠤ ᠬᠠᠮᠲᠤ ᠡᠳ᠋ ᠤᠨ ᠶᠠᠪᠤᠳᠠᠯ ᠢ ᠬᠢᠨᠠᠨ ᠪᠠᠶᠢᠴᠠᠭᠠᠬᠤ ᠠᠵᠢᠯ ᠤᠨ ᠳᠤᠮᠳᠠ ᠦᠷᠭᠦᠯᠵᠢ ᠲᠤᠬᠢᠶᠠᠯᠳᠤᠬᠤ ᠬᠦᠴᠢᠷ ᠠᠰᠠᠭᠤᠳᠠᠯ ᠳᠤ ᠬᠠᠷᠢᠭᠤᠯᠲᠠ ᠦᠭᠬᠦᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠺᠠᠳ᠋ᠷ ᠠᠵᠢᠯᠳᠠᠨ ᠤ ᠦᠵᠡᠯ ᠲᠠᠨᠢᠯᠲᠠ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠮᠦᠩᠬᠦ ᠶᠢᠨ ᠬᠢᠨᠠᠨ ᠪᠠᠶᠢᠴᠠᠭᠠᠯᠲᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠲᠦᠷᠢᠮᠵᠢᠬᠦᠯᠦᠨ᠂ ᠵᠠᠷᠤᠳᠠᠯ ᠮᠦᠩᠬᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠠᠵᠢᠯᠲᠠᠨ ᠠᠵᠢᠯᠴᠢᠨ ᠳᠤ ᠨᠠᠩ ᠰᠠᠶᠢᠨ ᠦᠢᠯᠡᠴᠢᠯᠡᠬᠦ ᠪᠠᠷ ᠵᠤᠷᠢᠯᠭ᠎ᠠ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号