ᠲᠠᠶᠢᠹᠤᠰᠧ ᠬᠤᠰᠢᠭᠤᠨ ᠤ ᠬᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠮᠠᠯᠵᠢᠬᠤ ᠤᠷᠤᠨ ᠳᠤ ᠬᠦᠷᠭᠡᠨ᠎ᠡ
ᠨᠡᠶᠢᠲᠡᠯᠡᠭᠰᠡᠨ ᠴᠠᠭ᠄
2024/6/22
  6 ᠰᠠᠷ᠎ᠠ ᠶᠢᠨ 21 ᠤ ᠡᠳᠦᠷ᠂ ᠲᠠᠶᠢᠹᠤᠰᠧ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ  ᠨᠢ ᠭᠦᠨᠪᠤᠯᠠᠭ ᠰᠤᠮᠤᠨ ᠤ ᠭᠡᠷᠡᠯᠳᠦ ᠭᠠᠴᠠᠭ᠎ᠠ ᠳᠤ ᠬᠦᠨᠵᠡᠬᠡᠶᠢᠷᠡᠵᠦ ︽ᠨᠤᠲᠤᠭ ᠪᠡᠯᠴᠢᠭᠡᠷ ᠢ ᠬᠠᠮᠠᠭᠠᠯᠠᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ  ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠬᠠᠤᠯᠢ ᠲᠦᠷᠢᠮ ᠢ ᠮᠠᠯᠴᠢᠳ ᠲᠤ ᠤᠬᠠᠭᠤᠯᠤᠨ᠂ ᠨᠤᠲᠤᠭ ᠪᠡᠯᠴᠢᠭᠡᠷ ᠤᠨ ᠬᠠᠤᠯᠢ ᠲᠦᠷᠢᠮ ᠢ ᠮᠠᠯᠵᠢᠬᠤ ᠣᠷᠣᠨ ᠳᠤ ᠬᠦᠷᠭᠡᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠢ  ᠮᠠᠯᠴᠢᠨ ᠲᠦᠮᠡᠨ ᠳᠤ ᠲᠠᠨᠢᠭᠤᠯᠵᠠᠢ᠃    ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷᠳᠡᠭᠡᠨ ᠤ ᠳᠡᠳ᠋ ᠳᠠᠷᠤᠭ᠎ᠠ ᠬᠤᠤ ᠴᠢᠶᠠᠩ᠄  ︽ᠲᠠᠷᠠᠭᠠᠴᠢ ᠶᠢᠨ ᠠᠯᠬᠤᠮ ᠳᠤ ᠪᠢᠳᠡ ᠪᠠᠰᠠ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠮᠠᠯᠴᠢᠨ ᠲᠠᠷᠢᠶᠠᠴᠢᠨ ᠡᠷᠦᠬᠡ ᠳᠤ ᠬᠦᠨᠵᠡᠬᠡᠶᠢᠷᠡᠨ᠂ ᠨᠤᠲᠤᠭ ᠪᠡᠯᠴᠢᠭᠡᠷ ᠤᠨ ᠬᠠᠤᠯᠢ ᠲᠦᠷᠢᠮ ᠢ ᠤᠯᠠᠮ ᠬᠦᠨᠵᠡᠬᠡᠢ ᠤᠬᠠᠭᠤᠯᠤᠨ ᠲᠦᠭᠡᠮᠡᠯᠵᠢᠭᠦᠯᠵᠦ᠂ ᠪᠥᠬᠦ ᠨᠡᠶᠢᠭᠡᠮ ᠢᠶᠠᠷ ᠢᠶᠠᠨ ᠲᠠᠯ᠎ᠠ ᠨᠤᠲᠤᠭ ᠢ ᠬᠠᠶᠢᠷᠠᠯᠠᠵᠤ ᠬᠠᠮᠠᠭᠠᠯᠠᠬᠤ  ᠦᠨᠢᠷ ᠦᠳᠬᠡᠨ ᠠᠭᠤᠷ ᠠᠮᠢᠰᠬᠤᠯ ᠢ ᠪᠣᠶ ᠪᠤᠯᠭᠠᠨ᠂  ᠲᠠᠯ᠎ᠠ ᠨᠤᠲᠤᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾᠃    ᠲᠠᠶᠢᠹᠤᠰᠧ ᠬᠤᠰᠢᠭᠤ ᠨᠢ ᠡᠶᠢᠨ ᠬᠦ᠋ ︽ᠨᠤᠲᠤᠭ ᠪᠡᠯᠴᠢᠭᠡᠷ ᠤᠨ ᠬᠠᠤᠯᠢ ᠲᠦᠷᠢᠮ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠠᠮᠵᠢᠭᠠᠳ ᠨᠤᠲᠤᠭ ᠪᠡᠯᠴᠢᠭᠡᠷ ᠤᠨ ᠬᠠᠤᠯᠢ ᠲᠦᠷᠢᠮ ᠤᠨ ᠲᠤᠬᠠᠶ ᠤᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠤᠬᠠᠮᠰᠠᠷ ᠪᠠ ᠢᠳᠡᠪᠬᠢᠵᠢᠯ ᠢ ᠨᠡᠮᠡᠭᠳᠡᠬᠦᠯᠦᠨ᠂ ᠬᠥᠮᠦᠨ ᠪᠦᠬᠦᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠬᠤ ᠶᠢ ᠤᠷᠢᠶᠠᠯᠠᠵᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠤᠷᠤᠰᠢᠭᠰᠠᠨ ᠣᠳᠣᠬᠢᠴᠢᠯᠠᠭᠰᠠᠨ ᠬᠤᠰᠢᠭᠤ ᠨᠤᠳᠤᠭ ᠢ  ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ   ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号